ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠮᠧᠩ︶ ᠲᠦᠷᠦᠭᠦᠬᠡᠨ᠂ ︽ | ᠭᠡᠷᠡᠯ ᠵᠢᠷᠤᠭᠴᠢ ᠶᠢᠨ ᠨᠢᠳᠦᠨ ᠳᠠᠬᠢ ᠬᠥᠬᠡᠬᠤᠲᠠ ᠶᠢᠨ ᠲᠡᠤᠬᠡ ᠰᠣᠶᠣᠯ︾ ᠲᠠᠶᠢᠯᠤᠮᠵᠢ ᠬᠥᠬᠡᠬᠤᠲᠠ ᠶᠢᠨ ᠮᠤᠨᠢ | ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠶᠠᠪᠤᠭᠳᠠᠵᠤ᠂ ᠲᠣᠰ ᠤᠳᠠᠭᠠᠨ ᠤ | ᠠᠵᠢᠯᠯᠠᠭ᠎ᠠ ᠶᠢ ᠬᠥᠬᠡᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ᠂ ᠬᠥᠬᠡᠬᠤᠲᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠠᠬᠢᠭᠤᠯᠬᠤ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠮᠤᠨᠢ ᠠᠭᠤᠯᠠ | ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠠᠴᠠ ᠳᠠᠭᠠᠭᠠᠴᠢᠯᠠᠨ ᠡᠷᠬᠢᠯᠡᠵᠦ᠂ ᠬᠥᠬᠡᠬᠤᠲᠠ ᠶᠢᠨ | ᠵᠢᠭᠤᠯᠴᠢᠯᠠᠯ ᠤᠨ ᠰᠣᠶᠣᠯ ᠤᠨ ᠦᠢᠯᠡᠴᠢᠯᠡᠭᠡᠨ ᠤ ᠲᠥᠪ ᠠᠴᠠ ᠬᠠᠮᠵᠢᠨ ᠡᠷᠬᠢᠯᠡᠵᠦ᠂ ᠨᠡᠷᠡᠲᠦ ᠬᠥᠮᠦᠰ ᠤᠨ | ᠶᠠᠷᠢᠶ᠎ᠠ ᠪᠠᠷ ᠳᠠᠮᠵᠢᠭᠤᠯᠤᠨ᠂ ᠣᠯᠠᠨ ᠳᠤ ᠥᠩᠭᠡᠷᠡᠭᠰᠡᠨ ᠣᠳᠣᠬᠢ ᠬᠥᠬᠡᠬᠤᠲᠠ ᠶᠢᠨ ᠳᠤᠷᠠᠳᠬᠠᠯ ᠢ ᠢᠯᠡᠷᠡᠭᠦᠯᠬᠦ ᠪᠠᠷ | ᠵᠣᠷᠢᠯᠭ᠎ᠠ ᠪᠠᠨ ᠪᠣᠯᠭᠠᠵᠠᠶ᠃ ᠬᠥᠬᠡᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ᠂ ᠭᠡᠷᠡᠯ ᠵᠢᠷᠤᠭᠴᠢᠳ ᠤᠨ | ᠨᠡᠶᠢᠭᠡᠮᠯᠢᠭ ᠤᠨ ᠬᠡᠰᠡᠭ ᠭᠡᠰᠢᠭᠦᠨ ᠵᠢᠴᠢ ᠬᠡᠰᠡᠭ ᠵᠢᠭᠤᠯᠴᠢᠳ ᠲᠠᠶᠢᠯᠤᠮᠵᠢ ᠶᠢ ᠰᠣᠨᠣᠰᠴᠠᠶ᠃ | ᠲᠠᠶᠢᠯᠤᠮᠵᠢ ᠳᠡᠭᠡᠷ᠎ᠡ᠂ ᠭᠡᠷᠡᠯ ᠵᠢᠷᠤᠭᠴᠢ ᠡᠪ ᠥᠪᠡᠷ ᠤᠨ ᠭᠡᠷᠡᠯ ᠵᠢᠷᠤᠭ ᠤᠨ ᠪᠦᠲᠦᠭᠡᠯ ᠲᠠᠢ ᠪᠠᠨ | ᠤᠶᠠᠯᠳᠤᠭᠤᠯᠵᠤ᠂ ᠬᠥᠬᠡᠬᠤᠲᠠ ᠶᠢᠨ ᠲᠡᠤᠬᠡ ᠰᠣᠶᠣᠯ᠂ ᠬᠡᠳᠦᠨ ᠠᠷᠪᠠᠨ ᠵᠢᠯ ᠤᠨ ᠲᠤᠷᠰᠢᠬᠢ ᠬᠤᠲᠠ ᠶᠢᠨ | ᠬᠤᠪᠢᠷᠠᠯᠲᠠ ᠵᠢᠴᠢ ᠲᠡᠤᠬᠡ ᠰᠣᠶᠣᠯ ᠢ ᠬᠡᠷᠬᠢᠨ ᠭᠡᠷᠡᠯ ᠵᠢᠷᠤᠭ ᠤᠨ ᠠᠷᠭ᠎ᠠ ᠪᠠᠷ ᠢᠯᠡᠷᠡᠭᠦᠯᠬᠦ ᠲᠤᠬᠠᠶ ᠶᠠᠷᠢᠭᠰᠠᠨ | ᠪᠠᠶᠢᠨ᠎ᠠ᠃ ᠡᠪ ᠬᠡᠯᠡᠬᠦ ᠳᠡᠭᠡᠨ᠂ ᠲᠡᠷᠡ ᠬᠥᠬᠡᠬᠤᠲᠠ ᠳᠤ ᠲᠥᠷᠥᠵᠦ ᠥᠰᠦᠭᠰᠡᠨ ᠪᠣᠯᠬᠤᠷ ᠡᠨᠡ ᠬᠤᠲᠠ ᠳᠤ | ᠣᠨᠴᠠᠭᠠᠢ ᠬᠠᠶᠢᠷᠠᠲᠠᠶ ᠪᠠᠶᠢᠳᠠᠭ᠃ ᠭᠡᠷᠡᠯ ᠵᠢᠷᠤᠭ ᠠᠪᠬᠤ ᠶᠢ ᠰᠤᠷᠤᠭᠰᠠᠨ ᠤ ᠳᠠᠷᠠᠭ᠎ᠠ᠂ ᠲᠡᠷᠡ ᠭᠡᠷᠡᠯ ᠵᠢᠷᠤᠭ ᠤᠨ | ᠮᠠᠰᠢᠨ ᠢᠶᠠᠨ ᠠᠪᠴᠤ᠂ ᠵᠡᠭᠡᠯᠢ ᠭᠤᠳᠤᠮᠵᠢ ᠪᠠᠷ ᠶᠠᠪᠤᠵᠤ᠂ ᠲᠡᠭᠦᠨ ᠤ ᠨᠢᠳᠦᠨ ᠳᠠᠬᠢ ᠡᠨᠡ ᠬᠦ ᠥᠪᠡᠷᠮᠢᠴᠡ | ᠣᠨᠴᠠᠯᠢᠭ ᠲᠠᠢ ᠬᠤᠲᠠ ᠶᠢ ᠭᠡᠷᠡᠯ ᠵᠢᠷᠤᠭ ᠢᠶᠠᠷ ᠢᠶᠠᠨ ᠲᠡᠮᠳᠡᠭᠯᠡᠪᠡ ᠭᠡᠵᠡᠢ᠃ |