ᠦᠬᠡᠷ ᠲᠡᠵᠢᠭᠡᠬᠦ ᠤᠶᠤᠨᠯᠢᠭ ᠬᠦᠵᠦᠭᠦᠪᠴᠢ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019/11/13
      ᠵᠢᠩ ᠳ᠋ᠦᠩ ᠲᠤᠭᠠᠴᠢᠯᠠᠭᠰᠠᠨ ᠰᠢᠨᠵᠢᠯᠡᠭᠡ ᠮᠡᠷᠭᠡᠵᠢᠯ ᠤᠨ ᠪᠦᠯᠦᠭᠯᠡᠯ ᠨᠢ ᠦᠬᠡᠷ ᠲᠡᠵᠢᠭᠡᠬᠦ ᠤᠶᠤᠨᠯᠢᠭ ᠬᠦᠵᠦᠭᠦᠪᠴᠢ ᠶᠢ ᠰᠤᠳᠤᠯᠤᠨ ᠦᠢᠯᠡᠳᠦᠭᠰᠡᠨ ᠪᠠᠶᠢᠨ᠎ᠠ᠃ ᠡᠨᠡ ᠨᠢ ᠦᠬᠡᠷ ᠤᠨ ᠬᠦᠳᠡᠯᠭᠡᠭᠡᠨ ᠤ ᠪᠠᠶᠢᠳᠠᠯ ᠪᠠ ᠡᠪᠡᠳᠴᠢᠨ ᠤ ᠪᠠᠶᠢᠳᠠᠯ ᠵᠡᠷᠭᠡ ᠶᠢ ᠲᠡᠮᠳᠡᠭᠯᠡᠳᠡᠭ ᠴᠢᠳᠠᠪᠬᠢ ᠲᠠᠢ᠃ 11 ᠳ᠋ᠤᠭᠡᠷ ᠰᠠᠷ᠎ᠠ ᠶᠢᠨ 8 ᠤ ᠡᠳᠦᠷ᠂ ᠵᠢᠩ ᠳ᠋ᠦᠩ ᠲᠤᠭᠠᠴᠢᠯᠠᠭᠰᠠᠨ ᠰᠢᠨᠵᠢᠯᠡᠭᠡ ᠮᠡᠷᠭᠡᠵᠢᠯ ᠤᠨ ᠪᠦᠯᠦᠭᠯᠡᠯ᠂ ᠡᠾᠸᠢ ᠮᠤᠤ ᠨᠢᠦ ᠪᠦᠯᠦᠭᠯᠡᠯ ᠪᠠ ᠮᠧᠩ ᠪᠧᠨ ᠪᠦᠯᠦᠭᠯᠡᠯ ᠵᠡᠷᠭᠡ ᠬᠦᠳᠡᠭᠡ ᠠᠵᠦ ᠠᠬᠤᠢ ᠶᠢᠨ ᠨᠡᠷᠡᠲᠦ ᠠᠵᠦ ᠠᠬᠤᠶᠢᠯᠠᠯ ᠦᠬᠡᠷ ᠢ ᠤᠶᠤᠨᠯᠢᠭ ᠢᠶᠠᠷ ᠲᠡᠵᠢᠭᠡᠨ ᠦᠷᠡᠵᠢᠬᠦᠯᠬᠦ ᠲᠤᠬᠠᠢ ᠬᠡᠯᠡᠯᠴᠡᠭᠡᠷ ᠲᠤᠭᠲᠠᠭᠰᠠᠨ ᠶᠤᠮ᠃ ᠡᠨᠡ  ᠨᠢ ᠰᠠᠭᠠᠯᠢ ᠶᠢᠨ ᠦᠨᠢᠶ᠎ᠡ ᠪᠤᠯᠤᠨ ᠢᠳᠡᠰᠢᠨ ᠤ ᠦᠬᠡᠷ ᠤᠨ ᠠᠵᠦ ᠦᠢᠯᠡᠰ ᠢ ᠬᠠᠮᠤᠷᠤᠭᠰᠠᠨ ᠪᠠᠶᠢᠨ᠎ᠠ᠃      ᠬᠠᠮᠢᠶᠠᠲᠠᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠤᠶᠤᠨᠯᠢᠭ ᠢᠶᠠᠷ ᠦᠬᠡᠷ ᠲᠡᠵᠢᠭᠡᠬᠦ ᠮᠡᠷᠭᠡᠵᠢᠯ ᠨᠢ ᠦᠬᠡᠷ ᠪᠠ ᠦᠬᠡᠷ ᠲᠡᠵᠢᠭᠡᠬᠦ ᠬᠥᠮᠥᠨ᠂ ᠲᠡᠷᠡᠴᠢᠯᠡᠨ ᠫᠧᠩ ᠬᠤᠷᠣᠭᠠᠨ ᠤ ᠲᠠᠯ᠎ᠠ ᠶᠢᠨ ᠬᠠᠮᠢᠶᠠᠷᠤᠯᠲᠠ ᠶᠢ ᠰᠦᠯᠵᠢᠶ᠎ᠡ ᠲᠠᠢ ᠬᠤᠯᠪᠣᠭᠳᠠᠭᠤᠯᠵᠤ ᠪᠣᠯᠣᠨ᠎ᠠ᠂ ᠡᠭᠦᠨ ᠳᠤ ᠦᠬᠡᠷ ᠢ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠡᠪᠡᠳᠴᠢᠨ ᠤ ᠪᠠᠶᠢᠳᠠᠯ ᠢ ᠨᠢ ᠬᠢᠨᠠᠨ ᠬᠡᠮᠵᠢᠬᠦ ᠪᠠ ᠪᠣᠶᠢᠵᠢᠯᠲᠠ ᠶᠢᠨ ᠪᠠᠶᠢᠳᠠᠯ ᠢ ᠨᠢ ᠡᠵᠡᠮᠳᠡᠬᠦ ᠵᠡᠷᠭᠡ ᠣᠯᠠᠨ ᠳᠠᠮᠵᠢᠯᠭ᠎ᠠ ᠪᠠᠭᠲᠠᠵᠤ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ