ᠮᠠᠨ ᠤ ᠬᠤᠲᠠ ︽ᠭᠡᠷᠡᠯ ᠵᠢᠷᠤᠭᠴᠢ ᠶᠢᠨ ᠨᠢᠳᠦᠨ ᠳᠠᠬᠢ ᠬᠥᠬᠡᠬᠤᠲᠠ ᠶᠢᠨ ᠲᠡᠤᠬᠡ ᠰᠣᠶᠣᠯ︾ ᠭᠡᠬᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2019/11/13
       ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠮᠧᠩ︶ ᠲᠦᠷᠦᠭᠦᠬᠡᠨ᠂ ︽ᠭᠡᠷᠡᠯ ᠵᠢᠷᠤᠭᠴᠢ ᠶᠢᠨ ᠨᠢᠳᠦᠨ ᠳᠠᠬᠢ ᠬᠥᠬᠡᠬᠤᠲᠠ ᠶᠢᠨ ᠲᠡᠤᠬᠡ ᠰᠣᠶᠣᠯ︾ ᠲᠠᠶᠢᠯᠤᠮᠵᠢ ᠬᠥᠬᠡᠬᠤᠲᠠ ᠶᠢᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠶᠠᠪᠤᠭᠳᠠᠵᠤ᠂ ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠬᠢᠭᠤᠯᠬᠤ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠠᠴᠠ ᠳᠠᠭᠠᠭᠠᠴᠢᠯᠠᠨ ᠡᠷᠬᠢᠯᠡᠵᠦ᠂ ᠬᠥᠬᠡᠬᠤᠲᠠ ᠶᠢᠨ ᠵᠢᠭᠤᠯᠴᠢᠯᠠᠯ ᠤᠨ ᠰᠣᠶᠣᠯ ᠤᠨ ᠦᠢᠯᠡᠴᠢᠯᠡᠭᠡᠨ ᠤ ᠲᠥᠪ ᠠᠴᠠ ᠬᠠᠮᠵᠢᠨ ᠡᠷᠬᠢᠯᠡᠵᠦ᠂ ᠨᠡᠷᠡᠲᠦ ᠬᠥᠮᠦᠰ ᠤᠨ ᠶᠠᠷᠢᠶ᠎ᠠ ᠪᠠᠷ ᠳᠠᠮᠵᠢᠭᠤᠯᠤᠨ᠂ ᠣᠯᠠᠨ ᠳᠤ ᠥᠩᠭᠡᠷᠡᠭᠰᠡᠨ ᠣᠳᠣᠬᠢ ᠬᠥᠬᠡᠬᠤᠲᠠ ᠶᠢᠨ ᠳᠤᠷᠠᠳᠬᠠᠯ ᠢ ᠢᠯᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠶ᠃ ᠬᠥᠬᠡᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ᠂ ᠭᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠰᠡᠭ ᠭᠡᠰᠢᠭᠦᠨ ᠵᠢᠴᠢ ᠬᠡᠰᠡᠭ ᠵᠢᠭᠤᠯᠴᠢᠳ ᠲᠠᠶᠢᠯᠤᠮᠵᠢ ᠶᠢ ᠰᠣᠨᠣᠰᠴᠠᠶ᠃      ᠲᠠᠶᠢᠯᠤᠮᠵᠢ ᠳᠡᠭᠡᠷ᠎ᠡ᠂ ᠭᠡᠷᠡᠯ ᠵᠢᠷᠤᠭᠴᠢ ᠡᠪ ᠥᠪᠡᠷ ᠤᠨ ᠭᠡᠷᠡᠯ ᠵᠢᠷᠤᠭ ᠤᠨ ᠪᠦᠲᠦᠭᠡᠯ ᠲᠠᠢ ᠪᠠᠨ ᠤᠶᠠᠯᠳᠤᠭᠤᠯᠵᠤ᠂ ᠬᠥᠬᠡᠬᠤᠲᠠ ᠶᠢᠨ ᠲᠡᠤᠬᠡ ᠰᠣᠶᠣᠯ᠂ ᠬᠡᠳᠦᠨ ᠠᠷᠪᠠᠨ ᠵᠢᠯ ᠤᠨ ᠲᠤᠷᠰᠢᠬᠢ ᠬᠤᠲᠠ ᠶᠢᠨ ᠬᠤᠪᠢᠷᠠᠯᠲᠠ ᠵᠢᠴᠢ ᠲᠡᠤᠬᠡ ᠰᠣᠶᠣᠯ ᠢ ᠬᠡᠷᠬᠢᠨ ᠭᠡᠷᠡᠯ ᠵᠢᠷᠤᠭ ᠤᠨ ᠠᠷᠭ᠎ᠠ ᠪᠠᠷ ᠢᠯᠡᠷᠡᠭᠦᠯᠬᠦ ᠲᠤᠬᠠᠶ ᠶᠠᠷᠢᠭᠰᠠᠨ ᠪᠠᠶᠢᠨ᠎ᠠ᠃ ᠡᠪ ᠬᠡᠯᠡᠬᠦ ᠳᠡᠭᠡᠨ᠂ ᠲᠡᠷᠡ ᠬᠥᠬᠡᠬᠤᠲᠠ ᠳᠤ ᠲᠥᠷᠥᠵᠦ ᠥᠰᠦᠭᠰᠡᠨ ᠪᠣᠯᠬᠤᠷ ᠡᠨᠡ ᠬᠤᠲᠠ ᠳᠤ ᠣᠨᠴᠠᠭᠠᠢ ᠬᠠᠶᠢᠷᠠᠲᠠᠶ ᠪᠠᠶᠢᠳᠠᠭ᠃ ᠭᠡᠷᠡᠯ ᠵᠢᠷᠤᠭ ᠠᠪᠬᠤ ᠶᠢ ᠰᠤᠷᠤᠭᠰᠠᠨ ᠤ ᠳᠠᠷᠠᠭ᠎ᠠ᠂ ᠲᠡᠷᠡ ᠭᠡᠷᠡᠯ ᠵᠢᠷᠤᠭ ᠤᠨ ᠮᠠᠰᠢᠨ ᠢᠶᠠᠨ ᠠᠪᠴᠤ᠂ ᠵᠡᠭᠡᠯᠢ ᠭᠤᠳᠤᠮᠵᠢ ᠪᠠᠷ ᠶᠠᠪᠤᠵᠤ᠂ ᠲᠡᠭᠦᠨ ᠤ ᠨᠢᠳᠦᠨ ᠳᠠᠬᠢ ᠡᠨᠡ ᠬᠦ ᠥᠪᠡᠷᠮᠢᠴᠡ ᠣᠨᠴᠠᠯᠢᠭ ᠲᠠᠢ ᠬᠤᠲᠠ ᠶᠢ ᠭᠡᠷᠡᠯ ᠵᠢᠷᠤᠭ ᠢᠶᠠᠷ ᠢᠶᠠᠨ ᠲᠡᠮᠳᠡᠭᠯᠡᠪᠡ ᠭᠡᠵᠡᠢ᠃
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ