2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠪᠣᠯᠵᠤ ᠥᠩᠭᠡᠷᠡᠪᠡ
ᠨᠡᠶᠢᠲᠡᠯᠡᠭᠰᠡᠨ ᠴᠠᠭ᠄
2019/11/13
      11ᠰᠠᠷ᠎ᠠ ᠶᠢᠨ 7 ᠤ ᠡᠳᠦᠷ᠂ ᠲᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠵᠥ᠂ ᠰᠤᠶᠤᠯ ᠪᠤᠯᠤᠨ ᠵᠢᠭᠤᠯᠴᠢᠯᠠᠯ ᠤᠨ ᠠᠵᠥ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠶᠢᠨ ᠲᠦᠯᠥᠬᠡ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠤᠯᠤᠨ ᠵᠢᠭᠤᠯᠴᠢᠯᠠᠯ ᠤᠨ ᠲᠢᠩᠬᠢᠮ ᠤᠨ ᠭᠤᠤᠯᠯᠠᠨ ᠡᠷᠬᠢᠯᠡᠭᠰᠡᠡ ︽2019 ᠦᠪᠤᠷ ᠮᠤᠩᠭᠤᠯ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠦᠪᠤᠷ ᠮᠤᠩᠭᠤᠯ ᠤᠨ ᠦᠵᠡᠰᠬᠦᠯᠡᠩ ᠤᠨ ᠤᠷᠳᠤᠨ ᠳᠤ ᠶᠠᠪᠤᠭᠳᠠᠪᠠ᠃ ᠤᠷᠤᠯᠳᠤᠭᠠᠨ ᠨᠢ ᠦᠪᠯᠡᠨ ᠤᠯᠠᠮᠵᠢᠯᠠᠬᠤ᠂ ᠰᠢᠨ᠎ᠡ ᠶᠢ ᠡᠬᠦᠳᠬᠦ᠂ ᠪᠤᠬᠢᠷᠳᠤᠯ ᠦᠬᠡᠢ ᠪᠠᠶᠢᠬᠤ ᠂ ᠬᠠᠮᠳᠤ ᠪᠠᠷ ᠡᠳ᠋ᠯᠡᠬᠦ ᠪᠠᠷ ᠭᠤᠤᠯ ᠰᠡᠳᠤᠪ ᠪᠤᠯᠭᠠᠵᠥ᠂ ᠠᠷᠪᠠᠨ ᠲᠠᠪᠤᠨ ᠲᠦᠷᠦᠯ ᠤᠨ 2700 ᠭᠠᠷᠤᠢ ᠵᠦᠢᠯ ᠤᠨ ᠤᠷᠤᠯᠳᠤᠭᠠᠨ ᠳᠤ ᠤᠷᠤᠯᠴᠠᠭᠰᠠᠠ ᠪᠦᠳᠦᠬᠡᠯ ᠪᠤᠯᠤᠨ ᠰᠢᠨ᠎ᠡ ᠡᠬᠦᠳᠦᠯᠳᠡ ᠶᠢᠨ ᠪᠦᠳᠦᠬᠡᠯ ᠳᠤ ᠰᠢᠯᠭᠠᠷᠠᠭᠤᠯᠤᠯᠳᠡ ᠬᠢᠵᠠᠢ᠂ ᠲᠤᠬᠠᠢ ᠶᠢᠨ ᠲᠠᠯᠠᠪᠠᠢ ᠳᠤ ᠡᠯ᠎ᠡ ᠠᠶᠢᠮᠠᠭ ᠬᠤᠳᠠ ᠶᠢᠨ ᠦᠵᠡᠰᠬᠦᠯᠡᠩ ᠤᠨ ᠲᠤᠭᠤᠷᠢᠭ ᠭᠠᠷᠭᠠᠵᠥ᠂ 200 ᠰᠤᠶᠤᠯ ᠪᠤᠯᠤᠨ ᠵᠢᠭᠤᠯᠴᠢᠯᠠᠯ ᠤᠨ ᠠᠵᠥ ᠠᠬᠤᠢᠢᠯᠠᠯ ᠨᠡᠶᠢᠳᠡ 10000 ᠭᠠᠷᠤᠢ ᠵᠦᠢᠯ ᠤᠨ ᠦᠢᠯᠡᠳᠬᠦᠨ ᠢ ᠲᠡᠯᠬᠡᠨ ᠦᠵᠡᠬᠦᠯᠵᠡᠢ᠂ ᠦᠵᠡᠰᠬᠦᠯᠡᠩ ᠨᠢ 4 ᠡᠳᠤᠷ ᠶᠠᠪᠤᠭᠳᠠᠵᠠᠢ᠃ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠯᠧᠢ  ᠴᠢᠩ ᠶᠢᠩ ᠵᠢᠶᠦ᠋ᠨ ᠰᠡᠭᠦᠳᠡᠷᠯᠡᠪᠡ
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ