| | | 11 ᠳ᠋ᠦ᠋ᠭᠡᠷ ᠰᠠᠷ᠎ᠠ ᠶᠢᠨ11 ᠤ ᠡᠳᠦᠷ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠢᠴᠢ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠳᠠᠯᠭ᠎ᠠ ᠲᠠᠢ ᠠᠵᠢᠯ ᠤᠨ ᠲᠦᠯᠬᠢᠨ ᠠᠬᠢᠭᠤᠯᠬᠤ ᠬᠤᠷᠠᠯ ᠢ ᠨᠠᠮ ᠵᠠᠰᠠᠭ ᠤᠨ | ᠠᠯᠪᠠᠨ ᠠᠰᠠᠷ ᠤᠨ401 ᠬᠤᠷᠠᠯ ᠤᠨ ᠭᠡᠷ ᠲᠤ ᠡᠷᠬᠢᠯᠡᠨ ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠬᠤᠷᠠᠯ ᠳᠤ ᠣᠷᠣᠯᠴᠠᠬᠤ ᠶᠢᠨ ᠬᠠᠮᠲᠣ ᠶᠠᠷᠢᠶ᠎ᠠ ᠲᠠᠯᠪᠢᠵᠤ᠂ | ᠰᠢᠶᠠᠨ ᠤ ᠳᠡᠳ᠋ ᠳᠠᠷᠤᠭ᠎ᠠ ᠾᠧ ᠹᠧᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠰᠢᠭᠦᠭᠦ ᠬᠤᠷᠢᠶ᠎ᠠ ᠵᠡᠷᠭᠡ | ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠳ᠂ ᠡᠯ᠎ᠡ ᠰᠢᠶᠠᠩ ᠪᠠᠯᠭᠠᠰᠣ ᠶᠢᠨ | ᠰᠢᠶᠠᠩ ᠤᠨ ᠳᠠᠷᠤᠭ᠎ᠠ ᠪᠠᠯᠭᠠᠰᠤᠨ ᠤ ᠳᠠᠷᠤᠭ᠎ᠠ᠂ ᠨᠡᠭᠡᠭᠡᠯᠲᠡ ᠶᠢᠨ ᠲᠣᠭᠤᠷᠢᠭ ᠤᠨ ᠲᠠᠷᠢᠶᠠᠯᠠᠩ ᠠᠵᠣ ᠦᠢᠯᠡᠰ ᠤᠨ | ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠢᠭᠤᠴᠠᠯᠭᠠᠲᠠᠨ ᠤ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ︽ᠡᠷᠭᠢᠵᠦ ᠪᠣᠴᠠᠨ ᠪᠠᠶᠢᠴᠠᠭᠠᠬᠤ︾ | ᠶᠢᠨ ᠰᠢᠯᠵᠢᠭᠦᠯᠦᠨ ᠰᠢᠢᠳᠪᠦᠷᠢᠯᠡᠭᠰᠡᠨ ᠬᠡᠷᠡᠭ᠂ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠣ | ᠨᠠᠶᠢᠳᠠᠪᠣᠷᠢᠵᠢᠭᠤᠯᠣᠭᠰᠠᠨ ᠶᠠᠷᠦᠩᠬᠡᠢ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠵᠢᠴᠢ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ︽ᠡᠷᠭᠢᠵᠦ ᠪᠣᠴᠠᠨ ᠪᠠᠶᠢᠴᠠᠭᠠᠬᠤ︾ ᠶᠢᠨ | ᠰᠢᠯᠵᠢᠭᠦᠯᠦᠨ ᠰᠢᠢᠳᠪᠦᠷᠢᠯᠡᠭᠰᠡᠨ ᠬᠡᠷᠡᠭ᠂ ᠳᠣᠰᠬᠠᠭᠰᠠᠨ ᠠᠰᠠᠭᠤᠳᠠᠯ ᠤᠨ ᠡᠯ᠎ᠡ ᠬᠠᠷᠢᠭᠤᠴᠠᠬᠤ ᠨᠢᠭᠡᠴᠡ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠣ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠬᠤ ᠠᠵᠢᠯ ᠢ ᠣᠭᠲᠣᠨ ᠠᠪᠬᠤ ᠶᠢ ᠤᠯᠠᠮ ᠨᠢᠭᠡ ᠠᠯᠬᠤᠮ | ᠲᠣᠬᠢᠷᠠᠭᠤᠯᠣᠨ ᠪᠠᠶᠢᠷᠢᠯᠠᠭᠤᠯᠪᠠ︔ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠣᠭᠰᠠᠨ ᠪᠠᠶᠢᠳᠠᠯ ᠤᠨ ᠲᠣᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠯ᠎ᠡ ᠰᠢᠶᠠᠩ ᠪᠠᠯᠭᠠᠰᠤ᠂ ᠨᠡᠭᠡᠭᠡᠯᠲᠡ ᠶᠢᠨ ᠲᠣᠭᠤᠷᠢᠭ ᠤᠨ ᠲᠠᠷᠢᠶᠠᠯᠠᠩ ᠠᠵᠣ | ᠦᠢᠯᠡᠰ ᠤᠨ ᠲᠣᠪᠴᠢᠶ᠎ᠠ ᠶᠢᠨ ᠬᠠᠷᠢᠭᠤᠴᠠᠯᠭᠠᠲᠠᠳ ᠪᠠᠶᠢᠭᠠᠯᠢ ᠶᠢᠨ ᠡᠬᠢ ᠪᠠᠶᠠᠯᠢᠭ ᠤᠨ ᠭᠤᠣᠯᠳᠠᠯᠭ᠎ᠠ ᠲᠠᠢ ᠠᠵᠢᠯ | ᠳᠤ ᠬᠠᠨᠳᠣᠭᠤᠯᠣᠨ ᠬᠤᠯᠪᠣᠭᠳᠠᠯ ᠪᠦᠬᠦᠢ ᠶᠠᠷᠢᠶ᠎ᠠ ᠲᠠᠯᠪᠢᠪᠠ᠃ | ᠾᠧ ᠹᠧᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠣ ᠵᠠᠪᠠᠯ | ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠣᠷ ᠬᠢᠵᠦ᠂ ᠡᠯ᠎ᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠳᠤ ᠬᠠᠨᠳᠣᠭᠤᠯᠣᠭᠰᠠᠨ ᠭᠤᠣᠯᠳᠠᠯᠭ᠎ᠠ ᠲᠠᠢ ᠠᠵᠢᠯ ᠢ ᠴᠠᠭ ᠢ ᠠᠮᠵᠢᠨ ᠰᠠᠨᠠᠭᠤᠯᠣᠨ ᠨᠠᠶᠢᠳᠠᠪᠣᠷᠢᠵᠢᠭᠤᠯᠵᠤ᠂ | ᠲᠦᠷᠭᠡᠳᠬᠡᠨ ᠠᠬᠢᠭᠤᠯᠵᠤ᠂ ᠴᠠᠭ ᠲᠣᠬᠠᠢ ᠳᠤᠨᠢ ᠮᠦᠷᠳᠡᠨ ᠳᠠᠭᠠᠬᠤ ᠬᠡᠷᠡᠭᠲᠡᠢ︔ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ ᠵᠠᠪᠠᠯ ᠡᠯ᠎ᠡ ᠲᠦᠷᠥᠯ ᠤᠨ ᠠᠵᠢᠯ ᠤᠨ ᠡᠵᠡᠮᠳᠡᠬᠦ | ᠬᠦᠴᠦᠯᠡᠴᠡ ᠪᠠᠨ ᠴᠢᠩᠭᠠᠳᠬᠠᠵᠣ᠂ ᠤᠯᠠᠨ ᠠᠷᠭ᠎ᠠ ᠶᠢ ᠬᠠᠮᠲᠣ ᠳᠤᠨᠢ ᠠᠪᠴᠣ᠂ ᠡᠯ᠎ᠡ ᠵᠦᠢᠯ ᠤᠨ ᠪᠠᠶᠢᠭᠠᠯᠢ ᠶᠢᠨ | ᠡᠬᠢ ᠪᠠᠶᠠᠯᠢᠭ ᠢ ᠡᠪᠳᠡᠭᠰᠡᠨ ᠦᠵᠡᠭᠳᠡᠯ ᠳᠤ ᠬᠠᠨᠳᠣᠭᠤᠯᠵᠤ ᠬᠦᠨᠳᠦ ᠪᠠᠷ ᠰᠢᠢᠳᠬᠡᠵᠦ᠂ ᠳᠦᠷᠢᠮ ᠲᠣᠭᠲᠠᠭᠠᠯ | ᠶᠣᠰᠣᠭᠠᠷ ᠠᠵᠢᠯ ᠢ ᠴᠢᠩᠭ᠎ᠠ ᠶᠠᠪᠣᠭᠳᠠᠭᠤᠯᠬᠤ ᠬᠡᠷᠡᠭᠲᠡᠢ︔ ᠵᠠᠰᠠᠯᠲᠠ ᠶᠢᠨ ᠠᠷᠭ᠎ᠠ ᠠᠪᠴᠠᠯ ᠢᠶᠠᠨ ᠴᠢᠩᠭᠠᠳᠬᠠᠵᠣ᠂ | ᠬᠠᠷᠢᠶᠠᠨ ᠭᠠᠵᠠᠷ ᠤᠨ ᠬᠠᠷᠢᠭᠤᠴᠠᠯᠭ᠎ᠠ ᠪᠠᠨ ᠪᠣᠲᠠᠲᠠᠶᠢᠵᠢᠭᠤᠯᠵᠤ᠂ ᠰᠢᠶᠠᠩ ᠪᠠᠯᠭᠠᠰᠣ ᠬᠤᠯᠪᠣᠭᠠᠯᠠᠨ ᠬᠦᠳᠡᠯᠦᠯᠴᠡᠵᠦ | ᠂ ᠡᠯ᠎ᠡ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠨᠠᠷᠢᠯᠢᠭᠵᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃ |