ᠸᠠᠩ ᠯᠢ ᠰᠢᠶᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠡᠳ᠋ ᠵᠠᠬᠢᠷᠤᠯ ᠲᠢᠶᠠᠨ ᠯᠢᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2019-11-15
     ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ  ︵ᠰᠤᠷᠪᠤᠯᠵᠢᠯᠠᠭᠴᠢ ᠹᠧᠩ ᠶᠠᠨ ᠫᠢᠩ︶ 11 ᠳ᠋ᠤᠭᠡᠷ ᠰᠠᠷ᠎ᠠ ᠶᠢᠨ 14 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠭᠤᠯᠢ ᠶᠢᠨ ᠲᠡᠳ᠋ ᠵᠠᠬᠢᠷᠤᠯ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ ᠲᠢᠶᠠᠨ ᠯᠢᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠶᠢ ᠴᠢᠨᠠᠷ ᠰᠠᠶᠢᠲᠠᠢ ᠡᠷᠬᠢᠯᠡᠬᠦ ᠬᠠᠮᠢᠶᠠᠳᠠᠢ ᠶᠠᠪᠤᠳᠠᠯ ᠤᠨ ᠲᠤᠬᠠᠶ ᠨᠦᠬᠦᠷᠰᠡᠭ ᠢᠶᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃     ᠠᠭᠤᠯᠵᠠᠯᠲᠠ ᠳᠤ᠂ ᠸᠠᠩ ᠯᠢ ᠰᠢᠶᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠥᠪ ᠬᠤᠲᠠ ᠶᠢᠨ ᠰᠤᠷᠭᠠᠨ ᠬᠥᠮᠦᠵᠢᠯ ᠤᠨ ᠠᠵᠢᠯ ᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠯ ᠢᠶᠠᠨ ᠢᠯᠡᠷᠭᠡᠶᠢᠯᠡᠪᠡ᠃ ᠲᠡᠷᠡ ᠬᠡᠯᠡᠬᠦ ᠳᠡᠭᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠣᠯ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢᠨ ᠴᠢᠬᠤᠯᠠ ᠭᠠᠷᠳᠠᠴᠠ ᠶᠢᠨ ᠨᠢᠭᠡ ᠮᠦᠨ᠃ ᠬᠥᠬᠡᠬᠤᠲᠠ ᠨᠢ ᠥᠪᠥᠷ ᠮᠣᠩᠭᠤᠯ ᠤᠨ ᠲᠥᠪ ᠬᠤᠲᠠ ᠪᠣᠯᠤᠭᠰᠠᠨ ᠤ ᠬᠤᠪᠢ ᠳᠤ᠂ ᠤᠶᠢᠷ᠎ᠠ ᠶᠢᠨ ᠵᠢᠯ ᠳᠤ ᠬᠡᠳᠦ᠋ᠢᠪᠡᠷ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠵᠣᠬᠢᠬᠤ ᠦᠷ᠎ᠡ ᠪᠦᠲᠦᠮᠵᠢ ᠣᠯᠤᠭᠰᠠᠨ ᠪᠤᠯᠪᠠᠴᠦ᠂ ᠬᠤᠲᠠᠴᠢᠯᠠᠯᠲᠠ ᠶᠢᠨ ᠠᠬᠢᠯᠲᠠ ᠶᠢᠨ ᠲᠦᠷᠭᠡᠳᠬᠦ ᠶᠢ ᠳᠠᠭᠠᠯᠳᠤᠨ᠂ ᠭᠠᠳᠠᠨ᠎ᠠ ᠠᠴᠠ ᠢᠷᠡᠵᠦ ᠬᠦᠴᠦ ᠶᠠᠪᠤᠭᠴᠢ ᠶᠢᠨ ᠦᠷ᠎ᠡ ᠬᠡᠤᠬᠡᠳ ᠤᠨ ᠰᠤᠷᠭᠠᠭᠤᠯᠢ ᠳᠤ ᠰᠠᠭᠤᠬᠤ ᠳᠠᠷᠤᠭᠠᠰᠤ ᠲᠠᠰᠤᠷᠠᠯᠲᠠ ᠥᠬᠡᠶ ᠨᠡᠮᠡᠭᠳᠡᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠨᠡᠩ ᠢᠯᠡᠭᠦᠦ ᠬᠦᠴᠦ ᠲᠠᠯᠪᠢᠬᠤ ᠴᠢᠬᠤᠯᠠᠲᠠᠶ ᠪᠤᠯᠤᠭᠰᠠᠨ ᠪᠠᠶᠢᠨ᠎ᠠ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠨᠡᠷᠡᠲᠦ ᠰᠤᠷᠭᠠᠭᠤᠯᠢ ᠶᠢᠨ ᠡᠬᠢ ᠪᠠᠶᠠᠯᠢᠭ ᠤᠨ ᠲᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠬᠦᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠰᠢᠯᠢᠳᠡᠭ ᠰᠤᠷᠭᠠᠨ ᠬᠥᠮᠦᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤᠮᠳᠠ ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ᠂ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃     ᠠᠭᠤᠯᠵᠠᠯᠲᠠ ᠳᠤ ᠲᠢᠶᠠᠨ ᠯᠢᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠬᠤ ᠶᠢᠨ ᠬᠠᠮᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ᠂ ᠴᠢᠳᠠᠪᠤᠷᠢᠲᠠᠨ ᠬᠥᠮᠦᠵᠢᠭᠦᠯᠬᠦ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠬᠠᠮᠢᠶᠠᠷᠤᠯᠲᠠ ᠶᠢᠨ ᠵᠠᠭᠪᠤᠷ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠭᠡᠶᠢᠯᠡᠬᠦ ᠳᠡᠭᠡᠨ᠂ ᠬᠦᠬᠡᠬᠤᠲᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯ ᠳᠤᠮᠳᠠ ᠳᠤᠷᠠᠲᠠᠶ᠎ᠠ ᠨᠡᠷᠡᠲᠦ ᠰᠤᠷᠭᠠᠭᠤᠯᠢ ᠶᠢᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃      ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠠᠷᠠᠳ ᠲᠦᠮᠡᠨ ᠤ ᠰᠠᠨᠠᠭᠠᠨ ᠳᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠳᠡᠮᠵᠢᠬᠦ  ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠬᠢᠭᠡᠳ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠬᠠᠮᠲᠤᠷᠠᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠬᠦᠬᠡᠬᠤᠲᠠ ᠳᠠᠬᠢ ᠬᠤᠪᠢᠶᠠᠷᠢ ᠰᠤᠷᠭᠠᠭᠤᠯᠢ ᠶᠢ ᠪᠠᠶᠢᠭᠤᠯᠬᠤ ᠪᠠᠷ ᠲᠣᠭᠲᠠᠵᠤ᠂ ᠰᠤᠷᠭᠠᠭᠤᠯᠢ ᠶᠢᠨ ᠰᠢᠨᠵᠢ ᠴᠢᠨᠠᠷ ᠢ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠪᠦᠷᠢᠨ ᠳᠤᠮᠳᠠᠳᠤ ᠰᠤᠷᠭᠠᠭᠤᠯᠢ  ᠪᠤᠯᠭᠠᠨ᠂ ᠡᠨᠡ ᠵᠢᠯ ᠤᠨ 9 ᠳ᠋ᠦ᠋ᠭᠡᠷ ᠰᠠᠷ᠎ᠠ ᠳᠤ ᠠᠩᠬᠠᠳᠤᠭᠠᠷ ᠬᠤᠭᠤᠴᠠᠭᠠᠨ ᠤ ᠠᠩᠬ᠎ᠠ ᠵᠡᠷᠭᠡ ᠶᠢᠨ ᠪᠠ ᠲᠡᠭᠡᠳᠦ ᠵᠡᠷᠭᠡ ᠶᠢᠨ ᠲᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠢ ᠨᠢᠭᠡᠨᠳᠡ ᠪᠡᠶᠡᠯᠡᠭᠦᠯᠵᠦ᠂ 514 ᠰᠤᠷᠤᠭᠴᠢ ᠡᠯᠰᠡᠪᠡ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ 1913 ᠣᠨ ᠳᠤ ᠪᠠᠶᠢᠭᠤᠯᠤᠭᠳᠠᠵᠤ᠂ ᠤᠤᠯ ᠳᠠᠭᠠᠨ ᠮᠤᠩᠭᠤᠯ ᠲᠥᠪᠡᠳ ᠤᠨ ᠰᠤᠷᠭᠠᠭᠤᠯᠢ ᠪᠠᠶᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠨᠢᠭᠲᠠ ᠨᠦᠬᠦᠷᠰᠡᠩ ᠶᠠᠪᠤᠯᠴᠠᠭ᠎ᠠ ᠪᠠᠨ ᠪᠠᠳᠤᠯᠠᠭᠰᠠᠭᠠᠷ ᠢᠷᠡᠵᠡᠢ᠃        ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号