ᠰᠢᠯᠢᠳᠡᠭ ᠤᠯᠠᠭᠠᠨᠮᠥ᠋ᠴᠢᠷ ᠤᠨ ᠦᠵᠡᠭᠦᠯᠭᠡ  ᠶᠢᠨ ᠲᠣᠭᠯᠠᠯᠲᠠ ᠬᠦᠬᠡᠬᠤᠲᠠ ᠳᠤ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2019/11/15
      11ᠳ᠋ᠤᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠬᠦᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠠᠭᠠᠭᠠᠴᠢᠯᠠᠨ ᠡᠷᠬᠢᠯᠡᠭᠰᠡᠨ ︽ᠪᠥᠬᠦ ᠣᠷᠣᠨ ᠤ ᠰᠢᠯᠢᠳᠡᠭ ᠤᠯᠠᠭᠠᠨᠮᠥ᠋ᠴᠢᠷ ᠤᠨ ᠦᠵᠡᠭᠦᠯᠭᠡ ᠶᠢᠨ ᠲᠣᠭᠯᠠᠯᠲᠠ︾  ᠬᠤᠲᠣᠩ ᠠᠷᠠᠳ ᠤᠨ ᠲᠣᠭᠤᠷᠢᠭ ᠤᠨ ᠰᠢᠨ ᠬᠤᠸᠠ ᠶᠤᠸᠠᠨ ᠨᠡᠶᠢᠭᠡᠮ ᠲᠣᠭᠤᠷᠢᠭ ᠲᠤ ᠶᠠᠪᠤᠭᠳᠠᠪᠠ᠃ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠴᠤᠭ ᠵᠢᠪᠬᠤᠭ᠎ᠠ ᠲᠡᠭᠦᠯᠳᠡᠷ ᠢᠶᠠᠷ ᠤᠷᠠᠨ ᠨᠠᠬᠢᠯᠵᠠᠭᠠᠳᠤ ᠪᠦᠵᠢᠭ ᠢᠶᠠᠷ ᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠭᠤᠴᠤ ᠰᠠᠶᠢᠬᠠᠨ ᠲᠤᠭᠯᠠᠯᠲᠠ  ᠪᠠᠨ ᠡᠷᠬᠦᠵᠦ ᠬᠠᠷᠠᠭ᠎ᠠ ᠰᠤᠨᠤᠷ ᠢ ᠨᠢ ᠪᠠᠶᠠᠰᠬᠠᠯ᠎ᠠ᠃ ᠣᠶᠢᠯᠠᠭᠠᠭᠰᠠᠨ ᠢᠶᠠᠷ᠂ 11 ᠳ᠋ᠤᠭᠡᠷ ᠰᠠᠷ᠎ᠠ ᠶᠢᠨ 14 ᠤ ᠡᠳᠦᠷ ᠠᠴᠠ 21 ᠤ ᠡᠳᠦᠷ ᠪᠣᠯᠲᠠᠯ᠎ᠠ᠂  ᠨᠠᠢᠮᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠠᠯᠲᠠᠨ ᠱᠠᠩᠨᠠᠯ ᠬᠦᠷᠲᠡᠭᠰᠡᠨ 8 ᠰᠢᠯᠢᠳᠡᠭ ᠤᠯᠠᠭᠠᠨᠮᠥ᠋ᠴᠢᠷ ᠮᠠᠨ ᠤ ᠬᠤᠲᠠ ᠶᠢᠨ ᠶᠡᠭᠡ ᠳᠡᠭᠡᠳᠦ ᠰᠤᠷᠭᠠᠭᠤᠯᠢ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠣᠭᠯᠠᠯᠲᠠ ᠭᠠᠷᠭᠠᠬᠤ ᠪᠣᠯᠤᠨ᠎ᠠ᠃                                          ᠰᠤᠷᠪᠤᠯᠵᠢᠯᠠᠭᠴᠢ ᠸᠠᠩ ᠵᠦᠩ ᠵᠸᠦ                                         ᠴᠢᠮᠡᠭᠡᠯᠡᠭᠴᠢ ᠸᠠᠩ ᠬᠠᠢ ᠴᠢᠶᠦ᠋ᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ