11 ᠳ᠋ᠦ᠋ᠭᠡᠷ ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠫᠧᠩ ᡁᠢ ᠵᠦᠩ | ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠭᠦᠨᠵᠡᠭᠡᠶᠢᠷᠡᠨ ︽ᠭᠤᠷᠪᠠᠨ ᠬᠤᠲᠠ ᠶᠢ | ᠵᠡᠷᠭᠡᠪᠡᠷ ᠴᠣᠭᠴᠠᠯᠠᠬᠤ︾ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠪᠦᠷᠢᠯᠳᠦᠬᠦᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠪᠣᠯᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠨᠥᠬᠦᠳ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | | | | ᠵᠠᠩ ᠫᠧᠩ ᡁᠢ ᠵᠢᠶ ᠵᠦᠩ ᠱᠠᠨ ᠵᠡᠭᠦᠨ ᠵᠠᠮ ᠤᠨ ᠬᠠᠷᠢᠶ᠎ᠠ ᠣᠷᠣᠨ ᠳᠠᠬᠢ ᠠᠷᠠᠳ ᠲᠤ ᠳᠥᠭᠦᠮ ᠦᠵᠡᠭᠦᠯᠬᠦ | ᠵᠠᠬ᠎ᠠ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠤᠨ ᠢᠳᠡᠭᠡᠨ ᠤ ᠠᠮᠤᠷ | ᠲᠦᠪᠰᠢᠨ ᠵᠡᠷᠭᠡ ᠪᠠᠶᠢᠳᠠᠯ ᠢ ᠤᠷᠢᠳ ᠬᠤᠵᠢᠳ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠳᠠᠷᠠᠭ᠎ᠠ ᠨᠢ | ᠂ ᠠᠷᠠᠳ ᠤᠨ ᠵᠠᠮ ᠤᠨ ᠬᠤᠶᠢᠲᠤ ᠪᠤᠭᠤᠮᠳᠠ ᠶᠢᠨ ︽E ᠳᠡᠯᠡᠬᠡᠶ︾ ᠲᠥᠷᠥᠯ ᠵᠤᠶᠢᠯ ᠤᠨ ᠪᠠᠷᠢᠯᠭ᠎ᠠ ᠶᠢᠨ | ᠭᠠᠵᠠᠷ ᠲᠤ ᠬᠦᠷᠴᠦ᠂ ᠪᠠᠷᠢᠯᠭ᠎ᠠ ᠶᠢᠨ ᠠᠬᠢᠴᠠ ᠵᠢᠴᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ | ᠨᠠᠷᠢᠨ ᠠᠰᠠᠭᠤᠪᠠ᠃ | | | | | | | | | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠢ ᠭᠤᠤᠯ | ᠰᠡᠳᠦᠪᠲᠦ ᠬᠥᠮᠦᠵᠢᠯ ᠥᠷᠨᠢᠭᠦᠯᠬᠦ ᠶᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ | ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠣᠯᠠᠨ ᠲᠦᠮᠡᠨ ᠤ ᠬᠠᠮᠤᠭ ᠠᠴᠠ | ᠰᠡᠳᠭᠢᠯ ᠲᠠᠯᠪᠢᠵᠤ ᠪᠠᠶᠢᠭ᠎ᠠ᠂ ᠬᠠᠮᠤᠭ ᠠᠴᠠ ᠬᠠᠷᠠᠭᠠᠯᠵᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠢ | ᠤᠶᠠᠯᠳᠤᠭᠤᠯᠵᠤ᠂ ᠣᠯᠠᠨ ᠲᠦᠮᠡᠨ ᠳᠤ ᠰᠠᠶᠢᠲᠤᠷ ᠦᠢᠯᠡᠴᠢᠯᠡᠬᠦ ᠶᠢ ᠠᠰᠠᠭᠤᠳᠠᠯ ᠢ ᠪᠣᠳᠣᠯᠬᠢᠯᠠᠬᠤ᠂ ᠤᠴᠢᠷ | ᠶᠠᠪᠤᠳᠠᠯ ᠬᠢᠬᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠡᠭᠦᠰᠦᠯᠲᠡ ᠪᠠ ᠲᠡᠭᠦᠰᠦᠯᠲᠡ ᠪᠣᠯᠭᠠᠬᠤ ᠶᠢ | ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ ᠬᠡᠷᠡᠭᠲᠡᠶ | ᠭᠡᠵᠦ ᠱᠠᠭᠠᠷᠳᠠᠪᠠ᠃ | |