ᠬᠥᠬᠡᠬᠤᠲᠠ ᠤᠷᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-11-18
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ ᠳᠠᠳᠤᠯᠭ᠎ᠠ ᠶᠢᠨ ᠰᠤᠷᠤᠭᠴᠢ ᠮᠦᠩᠬᠦᠨᠵᠤᠯᠠ︶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠬᠡᠨ ᠬᠠᠮᠲᠤᠷᠠᠨ ︽ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠤᠰᠬᠠᠶ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠤᠨ ᠬᠤᠭᠤᠷᠤᠨᠳᠤᠬᠢ ᠬᠠᠮᠵᠢᠯᠴᠠᠭ᠎ᠠ ᠪᠠᠨ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠪᠠᠶᠢᠨ᠎ᠠ᠃ ᠰᠤᠷᠭᠠᠭᠤᠯᠢ ᠳᠤ ᠬᠤᠯᠪᠣᠭᠳᠠᠭᠰᠠᠨ ᠪᠠ ᠰᠤᠷᠤᠭᠴᠢᠳ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠡᠷᠡᠭᠦᠯ ᠪᠤᠰᠤ ᠦᠢᠯᠡ ᠠᠵᠢᠯᠯᠠᠭ᠎ᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠤᠯᠢ ᠲᠣᠭᠲᠠᠭᠠᠯ ᠶᠣᠰᠣᠭᠠᠷ ᠵᠠᠯᠠᠷᠠᠭᠤᠯᠤᠨ ᠂ ᠰᠤᠷᠭᠠᠭᠤᠯᠢ ᠶᠢᠨ ᠬᠦᠷᠢᠶ᠎ᠡ ᠶᠢ ᠲᠦᠢᠪᠡᠭᠡᠵᠦ᠂ ᠪᠠᠭᠰᠢ ᠰᠤᠷᠤᠭᠴᠢᠳ ᠲᠤ ᠬᠠᠯᠳᠠᠭᠰᠠᠨ ᠬᠡᠷᠡᠭ ᠢ ᠬᠤᠷᠳᠤᠨ ᠲᠦᠷᠭᠡᠨ ᠢᠶᠠᠷ ᠴᠠᠭᠳᠠᠭ᠎ᠠ ᠲᠣᠮᠢᠯᠠᠨ ᠰᠢᠢᠳᠪᠦᠷᠢᠯᠡᠬᠦ ᠪᠠᠷ ᠪᠠᠶᠢᠨ᠎ᠠ᠃      ︽ᠲᠦᠰᠦᠯ︾ ᠢ ᠦᠨᠳᠦᠰᠦᠯᠡᠪᠡᠯ᠂ ᠬᠥᠬᠡᠬᠤᠲᠠ ᠶᠢᠨ ᠡᠯ᠎ᠡ ᠨᠢᠭᠡᠴᠢ᠂ ᠡᠯ᠎ᠡ ᠰᠤᠷᠭᠠᠭᠤᠯᠢ ᠳᠤ ᠬᠤᠯᠪᠣᠭᠳᠠᠭᠰᠠᠨ ᠰᠤᠷᠤᠭᠴᠢᠳ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠪᠥᠬᠦ ᠲᠠᠯ᠎ᠠ ᠪᠠᠷ ᠪᠠᠶᠢᠴᠠᠭᠠᠵᠤ᠂ ᠪᠠᠭᠰᠢ ᠠᠵᠢᠯᠲᠠᠨ ᠠᠵᠢᠯᠴᠢᠨ᠂ ᠰᠤᠷᠤᠭᠴᠢᠳ ᠢ ᠢᠳᠡᠪᠬᠢᠲᠡᠢ ᠳᠠᠶᠢᠴᠢᠯᠠᠨ ᠰᠤᠷᠭᠠᠭᠤᠯᠢ  ᠶᠢᠨ ᠬᠦᠷᠢᠶᠡᠨ ᠤ ᠬᠦᠴᠦᠷᠬᠡᠭᠯᠡᠯ ᠤᠨ ᠲᠠᠯ᠎ᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠵᠦᠷᠢᠴᠡᠯ ᠵᠢᠭᠤᠷᠠᠭᠠᠨ ᠢ ᠢᠳᠡᠪᠬᠢᠲᠡᠢ ᠰᠢᠢᠳᠪᠦᠷᠢᠯᠡᠵᠦ᠂ ᠡᠯ᠎ᠡ ᠵᠦᠢᠯ ᠤᠨ ᠡᠭᠦᠰᠴᠦ ᠮᠡᠳᠡᠬᠦ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠪᠠᠷ ᠪᠠᠶᠢᠨ᠎ᠠ᠃ ᠡᠯ᠎ᠡ ᠰᠤᠷᠭᠠᠭᠤᠯᠢ ᠨᠤᠭᠤᠳ ᠪᠠᠭᠠᠴᠤᠳ ᠤᠨ ᠬᠤᠰᠢᠭᠤᠴᠢ ᠠᠩᠭᠢ᠂ ᠠᠩᠭᠢ ᠶᠢᠨ ᠡᠷᠬᠢᠯᠡᠭᠴᠢ ᠪᠠ ᠰᠡᠳᠬᠢᠴᠡ ᠶᠢᠨ ᠬᠥᠮᠥᠵᠢᠯ ᠤᠨ ᠪᠠᠭᠰᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠴᠠ ᠵᠠᠷᠢᠮ ᠰᠤᠷᠤᠭᠴᠢᠳ ᠤᠨ ᠰᠡᠳᠬᠢᠴᠡ ᠶᠢᠨ ᠬᠡᠯᠪᠡᠯᠵᠡᠯᠲᠡ ᠶᠡᠭᠡ᠂ ᠰᠡᠳᠬᠢᠴᠡ ᠶᠢᠨ ᠡᠪᠡᠳᠴᠢᠨ ᠲᠤ ᠠᠮᠠᠷᠬᠠᠨ ᠨᠡᠷᠪᠡᠭᠳᠡᠬᠦ ᠵᠡᠷᠭᠡ ᠣᠨᠴᠠᠯᠢᠭ ᠲᠤ ᠴᠢᠭᠯᠡᠭᠦᠯᠦᠨ ᠰᠡᠳᠬᠢᠴᠡ ᠶᠢᠨ ᠵᠢᠯᠣᠭᠤᠳᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃      ᠡᠭᠦᠨ ᠤ ᠬᠠᠮᠲᠤ᠂ ᠭᠡᠷ ᠤᠨ ᠠᠬᠠᠮᠠᠳ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠷᠠᠭᠠᠯᠵᠠᠨ ᠬᠠᠮᠠᠭᠠᠯᠠᠬᠤ ᠬᠠᠷᠢᠯᠴᠠᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠷᠭᠠᠭᠤᠯᠢ ᠰᠤᠷᠤᠭᠴᠢᠳ ᠤᠨ ᠮᠠᠭᠤ ᠮᠠᠭᠤᠬᠠᠢ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠷᠢᠬᠯᠠᠨ ᠵᠣᠭᠰᠣᠭᠠᠬᠤ  ᠶᠢᠨ ᠬᠠᠮᠲᠤ ᠭᠡᠷ ᠤᠨ ᠠᠬᠠᠮᠠᠳ ᠲᠤ ᠮᠡᠳᠡᠭᠳᠡᠬᠦ ᠬᠡᠷᠡᠭᠲᠡᠶ᠃ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢᠵᠢᠯ ᠤᠨ ᠤᠬᠠᠮᠰᠠᠷ ᠢ ᠨᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠭᠡᠷ ᠪᠦᠯᠢ ᠶᠢᠨ ᠬᠥᠮᠥᠵᠢᠯ ᠤᠨ ᠣᠶᠢᠯᠠᠭᠠᠭᠳᠠᠬᠤᠨ ᠢ ᠡᠵᠡᠮᠰᠢᠭᠦᠯᠵᠦ᠂ ᠬᠡᠤᠬᠡᠳ ᠤᠨ ᠡᠳᠦᠷ ᠲᠤᠲᠤᠮ ᠤᠨ ᠢᠯᠡᠷᠡᠯ ᠪᠠ ᠦᠵᠡᠯ ᠰᠠᠨᠠᠭᠠᠨ ᠤ ᠪᠠᠶᠢᠳᠠᠯ ᠢ ᠨᠢ ᠴᠠᠭ ᠲᠤᠬᠠᠶ ᠳᠤᠨᠢ ᠤᠢᠢᠯᠠᠭᠠᠭᠤᠯᠵᠤ᠂ ᠬᠡᠤᠬᠡᠳ ᠢ ᠬᠠᠮᠢᠶᠠᠷᠤᠨ ᠰᠤᠷᠭᠠᠬᠤ ᠶᠢ ᠦᠨᠡᠨ ᠬᠦ ᠴᠢᠩᠭᠠᠳᠬᠠᠬᠤ ᠪᠠᠷ ᠪᠠᠶᠢᠨ᠎ᠠ᠃ ᠲᠣᠰ ᠲᠥᠰᠦᠯ ᠳᠤ ᠪᠠᠰᠠ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠰᠤᠷᠭᠠᠭᠤᠯᠢ ᠶᠢᠨ ᠬᠦᠷᠢᠶ᠎ᠡ ᠶᠢ ᠦᠢᠮᠡᠭᠦᠯᠦᠭᠰᠡᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠳᠤ ᠬᠠᠯᠳᠠᠭᠰᠠᠨ ᠬᠡᠷᠡᠭ ᠢ ᠳᠠᠷᠤᠶ ᠳᠤᠨᠢ ᠴᠠᠭᠳᠠᠭ᠎ᠠ ᠲᠤᠮᠢᠯᠠᠵᠤ᠂ ᠦᠳᠲᠡᠷ ᠲᠦᠷᠭᠡᠨ ᠢᠶᠠᠷ ᠪᠦᠲᠦᠮᠵᠢᠲᠡᠶ ᠰᠢᠢᠳᠪᠦᠷᠢᠯᠡᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号