ᠦᠪᠦᠷ ᠮᠤᠩᠭᠤᠯ ᠤᠨ ᠳᠠᠷᠢᠶᠠᠯᠠᠩ ᠮᠠᠯ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠠᠷᠭ᠎ᠠ ᠤᠬᠠᠭᠠᠨ ᠭᠠᠷᠭᠠᠵᠤ ᠠᠷᠭ᠎ᠠ ᠪᠣᠳᠣᠯᠭ᠎ᠠ ᠲᠡᠪᠰᠢᠬᠦᠯᠬᠦ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019-11-18
ᠯᠢᠨ ᠱᠤᠤ ᠴᠦᠨ ᠬᠤᠷᠠᠯ ᠢ ᠡᠷᠬᠢᠯᠡᠵᠦ ᠯᠢ ᠪᠢᠩ ᠷᠦᠩ ᠬᠤᠷᠠᠯ ᠳᠤ ᠣᠷᠣᠯᠴᠠᠪᠠ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠵᠢᠢ ᠴᠢᠩ ᠯᠢᠩ︶ 11 ᠰᠠᠷ᠎ᠠ ᠶᠢᠨ 16 ᠤ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠨᠡᠶᠢᠬᠡᠮᠯᠢᠭ ᠠᠴᠠ ᠭᠤᠤᠯᠯᠠᠨ ᠡᠷᠬᠢᠯᠡᠭᠰᠡᠨ ᠦᠪᠦᠷ ᠮᠤᠩᠭᠤᠯ ᠤᠨ ᠳᠠᠷᠢᠶᠠᠯᠠᠩ ᠮᠠᠯ ᠠᠵᠥᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠠᠷᠭ᠎ᠠ ᠤᠬᠠᠭᠠᠨ ᠭᠠᠷᠭᠠᠵᠥ ᠠᠷᠭ᠎ᠠ ᠪᠣᠳᠣᠯᠭ᠎ᠠ ᠲᠠᠪᠰᠢᠬᠦᠯᠬᠦ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠦᠳᠡᠭᠡᠲᠣᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠯᠢᠨ ᠱᠤᠤ ᠴᠦᠨᠬᠤᠷᠠᠯ ᠶᠢ ᠡᠷᠬᠢᠯᠡᠵᠥ᠂ ᠦᠪᠡᠷᠳᠡᠬᠡᠨ ᠵᠠᠰᠠᠬᠤ ᠣᠷᠣᠨ ᠤ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠦᠳᠡᠭᠡ ᠳᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠳᠡᠳ᠋ ᠳᠠᠷᠤᠭ᠎ᠠ ᠯᠢ ᠪᠢᠩ ᠷᠦᠩ ᠤᠷᠤᠯᠴᠠᠪᠠ᠃      ᠶᠠᠷᠢᠯᠴᠠᠬᠤ ᠬᠤᠷᠠᠯ ᠨᠢ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ᠂ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ︾ ᠤ ᠠᠵᠢᠯ ᠤᠨ ᠳᠤᠬᠠᠢ ᠴᠢᠬᠤᠯᠠ ᠦᠬᠦᠯᠡᠯᠳᠡ ᠪᠤᠯᠤᠨ ᠦᠪᠦᠷ ᠮᠤᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ᠂ ᠳᠠᠷᠢᠶᠠᠯᠠᠩ ᠮᠠᠯ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠳᠤᠭᠤᠷᠢᠨ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠶᠢᠨ ᠸᠧᠢ ᠯᠦᠨ ᠠᠺᠠᠳᠧᠮᠢᠴᠢ᠂ ᠴᠧᠩ ᠱᠦᠨ ᠾᠧ ᠠᠺᠠᠳᠧᠮᠢᠴᠢ ᠵᠡᠷᠬᠡ 12 ᠣᠷᠣᠨ ᠤ ᠳᠤᠳᠤᠭᠠᠳᠤ ᠭᠠᠳᠠᠭᠠᠳᠤ ᠶᠢᠨ ᠨᠡᠷᠡᠳᠤ ᠳᠤᠰᠬᠠᠢ ᠮᠡᠷᠬᠡᠵᠢᠯᠳᠡᠨ ᠪᠤᠯᠤᠨ ᠬᠠᠮᠢᠶ᠎ᠠ ᠪᠦᠬᠦᠢ ᠠᠵᠥ ᠠᠬᠤᠢᠢᠯᠠᠯ ᠤᠨ ᠳᠦᠯᠦᠬᠡᠯᠡᠭᠴᠢ ᠠᠴᠠ ᠳᠤᠰ ᠳᠤᠰ ᠤᠨᠢᠨ ᠳᠡᠭᠡᠷ᠎ᠡ ᠨᠢ ᠦᠨᠳᠦᠷ ᠪᠦᠳᠦᠮᠵᠢᠳᠡᠢ ᠪᠠᠷ ᠤᠰᠤ ᠠᠷᠪᠢᠯᠠᠬᠤ᠂ ᠨᠤᠳᠤᠬ ᠤᠨ ᠪᠤᠷᠳᠤᠭᠤᠷ ᠶᠢ ᠰᠤᠩᠭᠤᠨ ᠳᠤᠬᠢᠷᠠᠭᠤᠯᠬᠤ᠂ ᠳᠠᠷᠢᠶᠠᠯᠠᠩ ᠮᠠᠯ ᠠᠵᠥ ᠠᠬᠤᠢ ᠶᠢᠨ ᠤᠷᠤᠨ ᠪᠦᠰᠡ ᠶᠢ ᠪᠠᠶᠢᠷᠢᠰᠢᠭᠤᠯᠬᠤ᠂ ᠠᠵᠥ ᠦᠢᠯᠡᠰ ᠤᠨ ᠪᠦᠳᠦᠴᠡ ᠶᠢ ᠳᠤᠬᠢᠷᠠᠭᠤᠯᠬᠤ᠂ ᠳᠠᠭᠠᠭᠤᠯᠤᠭᠴᠢ ᠠᠵᠥ ᠠᠬᠤᠢᠢᠯᠠᠯ ᠶᠢ ᠬᠦᠭᠵᠢᠬᠦᠯᠬᠦ᠂ ᠳᠦᠷᠦᠯ ᠳᠡᠮᠳᠡᠭ ᠶᠢ ᠪᠤᠶᠢᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ᠂ ᠴᠢᠳᠠᠪᠤᠷᠢᠲᠠᠨ ᠢ ᠬᠦᠮᠤᠵᠢᠬᠦᠯᠬᠦ ᠵᠡᠷᠬᠡ ᠲᠠᠯ᠎ᠠ ᠪᠠᠷ ᠦᠵᠡᠯᠳᠡ ᠪᠠᠨ ᠶᠠᠷᠢᠵᠥ᠂ ᠠᠰᠠᠭᠤᠳᠠᠯ ᠶᠢ ᠡᠷᠢᠵᠥ᠂ ᠰᠠᠨᠠᠯ ᠰᠠᠨᠠᠭᠤᠯᠭ᠎ᠠ ᠳᠤᠷᠠᠳᠴᠤ᠂ ᠦᠪᠦᠷ ᠮᠤᠩᠭᠤᠯ ᠤᠨ ᠳᠠᠷᠢᠶᠠᠯᠠᠩ ᠮᠠᠯ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠰᠡᠳᠬᠢᠴᠡ ᠠᠷᠭ᠎ᠠ ᠠᠪᠴᠠᠯ ᠶᠢ ᠬᠠᠮᠳᠤ ᠪᠠᠷ ᠰᠤᠳᠤᠯᠤᠨ ᠶᠠᠷᠢᠯᠴᠠᠪᠠ᠃      ᠯᠢᠨ ᠱᠤᠤ ᠴᠦᠨ ᠲᠠᠳᠠ ᠨᠠᠷ ᠤᠨ ᠭᠡᠯᠡᠬᠦ ᠶᠢ ᠨᠠᠷᠢᠨ ᠬᠢᠨᠠᠮᠠᠭᠠᠢ ᠰᠤᠨᠤᠰᠬᠤ ᠶᠢᠨ ᠲᠠᠭᠠᠤ ᠤᠯᠠᠨ ᠲᠠᠢ ᠪᠠᠶᠢᠨ ᠪᠠᠶᠢᠨ ᠪᠤᠳᠤᠯ ᠰᠠᠨᠠᠯ ᠢᠶᠠᠨ ᠰᠤᠯᠢᠯᠴᠠᠪᠠ᠃ ᠲᠡᠷᠨ᠂ ᠶᠡᠷᠤᠩᠭᠡᠢ ᠱᠦᠵᠢ ᠰᠢ ᠶᠢᠨ ᠫᠢᠩ ᠦᠪᠤᠷ ᠮᠤᠩᠭᠤᠯ  ᠤᠨ ᠲᠡᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠢᠯ ᠢᠶᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠵᠤ᠂ ᠮᠠᠨ ᠤ ᠤᠷᠤᠨ ᠤ ︽ᠮᠠᠯ ᠠᠵᠤ ᠠᠬᠤᠢ ᠲᠡᠷᠢᠶᠠᠯᠠᠩ ᠬᠦᠳᠡᠭᠡ ᠲᠤᠰᠬᠤᠨ ᠮᠠᠯᠵᠢᠬᠤ ᠤᠷᠤᠨ ᠮᠠᠯᠴᠢᠨ ᠲᠡᠷᠢᠶᠠᠴᠢᠨ︾ ᠤ ᠠᠵᠢᠯ ᠢ ᠰᠠᠶᠢᠲᠤᠷ ᠬᠢᠵᠤ᠂ ᠲᠡᠷᠢᠶᠠᠯᠠᠩ ᠮᠠᠯ ᠠᠵᠤ ᠠᠬᠤᠢ ᠶᠢᠨ ᠲᠤᠮᠤ ᠤᠷᠤᠨ ᠠᠴᠠ ᠲᠡᠷᠢᠶᠠᠯᠠᠩ ᠮᠠᠯ ᠠᠵᠤ ᠠᠬᠤᠢ ᠶᠢᠨ ᠬᠦᠴᠦᠷᠭᠡᠭ ᠤᠷᠤᠨ ᠪᠤᠯᠵᠤ  ᠬᠦᠭᠵᠢᠬᠦ ᠳᠤ ᠤᠷᠤᠬᠰᠢᠯᠠᠬᠤ ᠴᠢᠭᠯᠡᠯ ᠶᠢ ᠲᠤᠳᠤᠷᠬᠠᠢ ᠵᠢᠭᠠᠨ ᠦᠭᠴᠤ᠂ ᠦᠨᠳᠦᠰᠤᠨ ᠵᠢᠷᠤᠮᠯᠠᠯ ᠬᠠᠨᠭ᠍ᠭᠠᠪᠠ᠃ ᠦᠪᠡᠷᠳᠡᠭᠡᠨ ᠵᠠᠰᠬᠠᠤ ᠣᠷᠣᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠡᠯ᠎ᠡ ᠲᠤᠰᠬᠠᠢ ᠮᠡᠷᠭᠡᠵᠢᠯᠳᠠᠨ ᠡᠷᠳᠡᠮᠳᠡᠨ ᠪᠤᠯᠤᠨ ᠠᠵᠤ ᠠᠬᠤᠢᠢᠯᠠᠯ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠬᠦᠢᠴᠡᠳ ᠰᠢᠩᠭᠡᠭᠡᠵᠤ᠂ ᠪᠤᠳᠠᠳᠠᠢ ᠪᠦᠭᠡᠳ ᠵᠣᠬᠢᠰᠲᠠᠢ ᠰᠠᠨᠠᠯ ᠢ ᠨᠢ ᠳᠠᠷᠤᠶᠢᠬᠠᠨ ᠬᠡᠷᠡᠭᠯᠡᠵᠦ᠂ ᠠᠵᠢᠯ ᠢᠶᠠᠨ ᠰᠠᠶᠢᠵᠢᠷᠠᠭᠤᠯᠵᠤ᠂ ᠴᠢᠨᠠᠷᠳᠠᠢ ᠰᠠᠨᠠᠭᠤᠯᠭ᠎ᠠ ᠶᠢ ᠨᠤᠳᠠᠯᠠᠬᠤ ᠪᠠᠨ ᠴᠢᠩᠭᠠᠳᠬᠠᠵᠤ᠂ ᠢᠳᠡᠪᠬᠢᠳᠠᠢ ᠰᠢᠩᠭᠡᠭᠡᠵᠤ᠂ ᠶᠡᠷᠤᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠦᠨᠡᠨ ᠬᠦ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠡᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠴᠢᠨᠠᠷ ᠰᠠᠶᠢᠳᠠᠢ ᠦᠨᠳᠦᠷ ᠦᠷ᠎ᠡ ᠠᠰᠢᠭᠳᠠᠢ ᠲᠠᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠬᠤ ᠭᠡᠷᠡᠭᠳᠠᠢ᠃ ᠡᠯ᠎ᠡ ᠲᠤᠰᠬᠠᠢ ᠮᠡᠷᠭᠡᠵᠢᠯᠳᠠᠨ ᠡᠷᠳᠡᠮᠳᠡᠨ ᠦᠪᠤᠷ ᠮᠤᠩᠭᠤᠯ ᠤᠨ ᠠᠵᠢᠯ ᠶᠢ ᠦᠡᠭᠭᠡᠷᠡᠭᠰᠡᠨ ᠲᠠᠢ ᠪᠠᠨ ᠠᠳᠠᠯᠢ ᠬᠠᠯᠠᠮᠵᠢᠯᠠᠨ ᠬᠠᠪᠰᠤᠷᠴᠤ᠂ ᠦᠨᠡᠨ ᠮᠡᠳᠡᠯᠭᠡ ᠨᠡᠪᠳᠡᠷᠭᠡᠢ ᠦᠵᠡᠯᠳᠠ ᠪᠠᠨ ᠴᠠᠭ ᠲᠤᠬᠠᠢ ᠳᠤᠨᠢ ᠲᠤᠷᠠᠳᠴᠤ᠂ ᠦᠪᠤᠷ ᠮᠤᠩᠭᠤᠯ ᠤᠨ ᠲᠡᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠴᠢᠬᠤᠯᠠ ᠬᠤᠪᠢ ᠨᠠᠮᠠᠷᠢ ᠦᠵᠡᠬᠦᠯᠬᠦ ᠶᠢ ᠬᠦᠰᠡᠵᠤ ᠪᠠᠶᠢᠨ᠎ᠠ ᠭᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号