ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-19
     ᠰᠢᠨ᠎ᠡ ᠬᠤᠲᠠ ᠲᠣᠭᠤᠷᠢᠭ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠭᠠᠪᠤᠷᠢ ᠶᠣᠰᠣᠭᠠᠷ᠂ ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 11 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ ᠴᠠᠭ ᠲᠤᠬᠠᠶ ᠳᠤᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠤᠶᠢᠷ᠎ᠠ ᠶᠢᠨ ᠬᠤᠭᠤᠴᠠᠭᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
     ᠲᠣᠰ ᠤᠳᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠤᠨ ᠭᠤᠤᠯ ᠠᠭᠤᠯᠭ᠎ᠠ ᠪᠣᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ  ᠬᠢᠵᠠᠭᠠᠷᠯᠠᠬᠤ ᠠᠵᠢᠯ ᠤᠨ ᠠᠵᠢᠯᠲᠠᠨ ᠢ ᠲᠣᠬᠢᠷᠠᠭᠤᠯᠬᠤ ᠪᠠ ᠳᠤᠭᠤᠶᠢᠯᠠᠩ ᠬᠤᠪᠢᠶᠠᠬᠤ᠂ ᠠᠵᠢᠯᠲᠠᠨ ᠤ ᠨᠠᠷᠢᠨ ᠲᠣᠳᠣᠷᠬᠠᠶ ᠠᠵᠢᠯ ᠤᠨ ᠬᠤᠪᠢᠶᠠᠷᠢᠯᠠᠯ ᠢ ᠲᠣᠭᠲᠠᠭᠠᠨ᠂ ᠰᠡᠷᠭᠡᠶᠢᠯᠡᠨ ᠬᠢᠵᠠᠭᠠᠷᠯᠠᠬᠤ ᠶᠠᠪᠤᠴᠠ ᠶᠢ ᠲᠣᠭᠲᠠᠭᠠᠵᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠶᠠᠪᠤᠴᠠ ᠶᠢ ᠨᠠᠷᠢᠨ ᠨᠠᠶᠢᠲᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠠᠪᠤᠳᠠᠯ ᠪᠣᠯᠤᠨ᠎ᠠ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠤᠭᠰᠠᠨ ᠨᠢ᠂   ᠲᠦᠪ ᠤᠨ ᠡᠯ᠎ᠠ ᠰᠠᠯᠠᠭ᠎ᠠ ᠲᠠᠰᠤᠭ ᠤᠨ ᠬᠤᠯᠤᠭᠠᠨ᠎ᠠ ᠶᠢᠨ ᠬᠢᠵᠢᠭ ᠢ ᠴᠢᠬᠤᠯᠠᠴᠢᠯᠠᠨ ᠦᠵᠡᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠥᠭᠡᠳ ᠲᠦᠪ ᠤᠨ ᠠᠵᠢᠯᠲᠠᠨ ᠤ ᠲᠤᠯᠭᠠᠮ᠎ᠠ ᠰᠡᠳᠭᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠨᠠᠩ ᠴᠢᠩᠭ᠎ᠠ ᠨᠠᠶᠢᠳᠠᠪᠤᠷᠢᠵᠢᠭᠤᠯᠵᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号