| | 10 ᠰᠠᠷ᠎ᠠ ᠶᠢᠨ 31 ᠤ ᠡᠳᠦᠷ᠂ ᠬᠤᠲᠠ ᠵᠢᠨᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠳᠡᠭᠡᠷ᠎ᠡ ᠲᠣᠬᠤᠢ ᠰᠢᠶᠠᠩ ᠤᠨ ᠴᠣᠬᠤᠶᠢᠲᠤ ᠭᠤᠤ | ᠲᠣᠰᠬᠤᠨ ᠳᠤ ᠭᠦᠨᠵᠡᠭᠡᠶᠢᠷᠡᠵᠦ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠥᠲᠦᠭᠡᠨ ᠪᠠᠶᠢᠭᠤᠯᠤᠯᠲᠠ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ | ᠱᠠᠰᠢᠨ ᠰᠤᠷᠲᠠᠬᠤᠨ ᠤ ᠴᠤᠭᠯᠠᠭᠠᠨ ᠤ ᠭᠠᠵᠠᠷ ᠤᠨ ᠲᠤᠬᠠᠶ ᠪᠠᠢᠴᠠᠭᠠᠯᠲᠠ ᠬᠢᠵᠡᠶ᠃ | ᠰᠠᠭᠤᠳᠠᠯ ᠤᠨ ᠬᠤᠷᠠᠯ ᠳᠡᠭᠡᠷ᠎ᠡ᠂ ᠶᠦᠨ ᠬᠠᠢ ᠱᠠᠭᠠᠷᠳᠠᠭᠰᠠᠨ ᠨᠢ ᠭᠤᠤᠯ ᠰᠡᠳᠦᠪᠲᠦ ᠬᠥᠮᠦᠵᠢᠯ ᠲᠠᠢ | ᠨᠢᠭᠲᠠ ᠤᠶᠠᠯᠳᠤᠭᠤᠯᠤᠨ ᠠᠰᠠᠭᠤᠳᠠᠯ ᠢ ᠪᠠᠶᠢᠴᠠᠭᠠᠨ ᠦᠵᠡᠵᠦ᠂ ᠣᠯᠠᠨ ᠲᠦᠮᠡᠨ ᠤ ᠳᠡᠷᠭᠡᠳᠡᠬᠢ ᠰᠡᠳᠬᠢᠯ | ᠵᠣᠪᠠᠨᠢᠬᠤ ᠶᠠᠪᠤᠳᠠᠯ᠂ ᠰᠡᠳᠬᠢᠯ ᠰᠢᠨᠠᠯᠭᠠᠬᠤ ᠶᠠᠪᠤᠳᠠᠯ ᠢ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ | ᠰᠢᠢᠳᠪᠦᠷᠢᠯᠡᠬᠦ ᠨᠠᠷᠢᠨ ᠳᠠᠩᠰᠠᠨ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ | ᠬᠡᠷᠡᠭᠲᠡᠶ᠃ ᠱᠠᠰᠢᠨ ᠰᠤᠷᠲᠠᠬᠤᠨ ᠤ ᠠᠵᠢᠯ ᠤᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠥᠲᠦᠭᠡᠨ ᠪᠠᠶᠢᠭᠤᠯᠤᠯᠲᠠ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ | ᠂ ᠵᠢᠭᠰᠠᠭᠠᠨ ᠪᠠᠶᠢᠴᠠᠭᠠᠵᠤ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠢᠮᠠᠭᠲᠠ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠬᠠᠮᠲᠤ ᠶᠠᠳᠠᠭᠤ ᠠᠴᠠ | ᠠᠩᠭᠢᠵᠢᠷᠠᠭᠠᠳᠤᠶ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠦᠨᠡᠨᠬᠦ ᠰᠠᠶᠢᠲᠤᠷ ᠬᠢᠬᠦ | ᠬᠡᠷᠡᠭᠲᠡᠶ ᠭᠡᠪᠡ᠃ | | |