ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠵᠢᠷᠤᠶ᠎ᠠ
ᠨᠡᠶᠢᠲᠡᠯᠡᠭᠰᠡᠨ ᠴᠠᠭ᠄
2019-11-19
     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠣᠶᠢᠷᠠᠲᠤᠬᠤ ᠶᠢ ᠳᠠᠭᠠᠯᠳᠤᠨ᠂ ᠲᠥᠪ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ ᠠᠭᠤᠷ ᠠᠮᠢᠰᠬᠤᠯ ᠴᠤ ᠤᠯᠠᠮ ᠠᠴᠠ ᠤᠯᠠᠮ ᠥᠳᠭᠡᠷᠡᠯ᠎ᠡ᠃ ᠥᠴᠥᠭᠡᠳᠦᠷ ᠦᠳᠡ  ᠶᠢᠨ ᠡᠮᠦᠨ᠎ᠡ᠂ ᠮᠠᠨ ᠤ ᠬᠤᠲᠠ ᠶᠢᠨ ᠱᠢ ᠲᠧᠦ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠴᠦ ᠥᠪᠡᠷ ᠤᠨ ᠢᠶᠠᠨ ᠠᠷᠭ᠎ᠠ ᠮᠠᠶ᠋ᠢᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠬᠦᠰᠡᠨ ᠬᠦᠯᠢᠶᠡᠵᠦ᠂ ᠠᠩᠬᠠᠷᠤᠯ ᠢᠶᠠᠨ ᠬᠠᠨᠳᠤᠭᠤᠯᠵᠤ᠂ ᠮᠠᠨ ᠤ ᠣᠷᠣᠨ ᠤ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠭᠰᠡᠨ ᠪᠥᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠤᠪᠢ ᠨᠡᠮᠡᠷᠢ ᠪᠠᠨ ᠦᠵᠡᠭᠦᠯᠪᠡ᠃ ᠠᠬᠤᠢ ᠲᠠᠯᠠᠪᠠᠢ ᠳᠤ᠂ ᠰᠤᠷᠤᠭᠴᠢᠳ ᠥᠩᠭᠡᠲᠦ ᠴᠠᠭᠠᠰᠤ ᠪᠠᠷ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠦᠯᠳᠡ ᠵᠢᠴᠢ ᠥᠯᠵᠡᠶᠢᠲᠦ ᠠᠮᠢᠲᠠᠨ ᠤ ᠳᠦᠷᠰᠦ ᠶᠢ ᠬᠠᠶᠢᠴᠢᠯᠠᠨ ᠵᠢᠷᠤᠵᠤ᠂ ᠥᠪᠡᠷ ᠤᠨ ᠤᠷᠠᠨ ᠰᠠᠨᠠᠭ᠎ᠠ ᠪᠠᠨ ᠪᠠᠳᠠᠷᠠᠭᠤᠯᠤᠨ᠂ ᠵᠢᠷᠤᠭ ᠢ ᠪᠡᠶᠡᠲᠦ  ᠬᠡᠯᠪᠡᠷᠢ ᠢᠶᠠᠷ  ᠴᠠᠭᠠᠰᠤᠨ ᠲᠡᠭᠡᠷ᠎ᠡ ᠢᠯᠡᠷᠡᠭᠦᠯᠦᠯ᠎ᠡ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠤᠢ ᠲᠢᠩ ᠰᠡᠭᠦᠳᠡᠷᠯᠡᠵᠦ ᠮᠡᠳᠡᠭᠡᠯᠡᠪᠡ  
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号