ᠬᠤᠶᠠᠳᠤᠭᠠᠷ ᠬᠤᠭᠤᠴᠠᠭᠠᠨ ᠤ ᠬᠦᠬᠡᠬᠤᠲᠠ ᠶᠢᠨ  ᠴᠢᠩ ᠱᠦᠶ ᠾᠧ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ ᠶᠠᠪᠤᠭᠳᠠᠪᠠ
ᠨᠡᠶᠢᠲᠡᠯᠡᠭᠰᠡᠨ ᠴᠠᠭ᠄
2019-11-20
ᠡᠯᠳᠡᠪ ᠠᠮᠤ ᠶᠢᠨ ᠠᠵᠤ ᠦᠢᠯᠡᠰ ᠵᠢᠴᠢ ᠭᠤᠤ ᠮᠤᠤ ᠴᠢᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ  ᠵᠦᠢᠯ ᠤᠨ ᠰᠢᠷᠢᠰ ᠭᠠᠷ ᠤᠨ ᠦᠰᠦᠭ ᠵᠢᠷᠤᠬᠤ ᠶᠣᠰᠣᠯᠠᠯ ᠲᠣᠰ ᠡᠳᠦᠷ ᠶᠠᠪᠤᠭᠳᠠᠪᠠ    11  ᠳ᠋ᠤᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠵᠢᠯ ᠲᠥᠷᠥᠯ ᠤᠨ ᠨᠡᠶᠢᠭᠡᠮᠯᠢᠭ᠂ ᠥᠪᠥᠷ ᠮᠣᠩᠭᠤᠯ ᠤᠨ ᠮᠧᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠥᠩ ᠨᠦᠩ ᠯᠢᠶᠠᠨ ᠲᠣᠤᠷ ᠰᠦᠯᠵᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠯᠢᠶᠠᠩ ᠯᠢᠶᠠᠨ ᠲᠣᠤᠷ ᠰᠦᠯᠵᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠴᠢᠩ ᠠᠳᠠᠯ  ᠦᠢᠯᠡᠰ ᠴᠣᠭᠴᠠᠯᠠᠵᠤ ᠰᠢᠨ᠎ᠡ ᠶᠢ ᠡᠭᠦᠳᠦᠭᠴᠢ ᠶᠢᠨ ᠮᠡᠳᠡᠭᠡ ᠵᠠᠩᠭᠢ ᠶᠢᠨ ᠬᠢᠵᠠᠭᠠᠷᠲᠤ ᠺᠣᠮᠫᠠᠨᠢ᠂ ᠬᠦᠬᠡᠬᠤᠲᠠ ᠶᠢᠨ ᠨᠠᠷᠢᠮᠤ ᠶᠢᠨ ᠲᠤᠰᠬᠠᠶ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ︽ᠵᠢᠵᠢᠭ ᠡᠯᠳᠡᠪ ᠠᠮᠤ᠂ ᠲᠣᠮᠣ ᠠᠵᠤ ᠦᠢᠯᠡᠰ︾ ᠬᠤᠶᠠᠳᠤᠭᠠᠷ ᠬᠤᠭᠤᠴᠠᠭᠠᠨ ᠤ ᠬᠦᠬᠡᠬᠤᠲᠠ ᠶᠢᠨ ᠴᠢᠩ ᠱᠦᠶ ᠾᠧ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ ᠵᠢᠴᠢ ᠡᠯᠳᠡᠪ ᠠᠮᠤ ᠶᠢᠨ ᠠᠵᠤ  ᠦᠢᠯᠡᠰ ᠵᠢᠴᠢ ᠭᠤᠤ ᠮᠤᠤ ᠴᠢᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ  ᠵᠦᠢᠯ ᠤᠨ ᠰᠢᠷᠢᠰ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ᠃ ᠬᠤᠲᠠ ᠶᠢᠨ ᠳᠡᠳ᠋ ᠳᠠᠷᠤᠭ᠎ᠠ ᠬᠤᠸᠠᠩ ᠵᠢᠶ ᠭᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃    ᠬᠤᠸᠠᠩ ᠵᠢᠶ ᠭᠠᠩ  ᠬᠡᠯᠡᠭᠰᠡᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠰᠢᠨ᠎ᠡ ᠴᠠᠭ  ᠦᠶ᠎ᠡ ᠳᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ  ᠭᠠᠷᠳᠠᠴᠠ ᠮᠥᠨ᠂ ᠮᠠᠨ ᠤ ᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠠᠵᠤ  ᠦᠢᠯᠡᠰ ᠢ ᠴᠣᠭᠴᠠᠯᠠᠬᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠤᠭᠰᠠᠨ ᠪᠣᠯᠪᠠᠴᠤ ᠮᠥᠨ ᠯᠡ ᠮᠠᠰᠢ ᠣᠯᠠᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠲᠣᠰ ᠤᠳᠠᠭ᠎ᠠ ᠶᠢᠨ ᠶᠠᠷᠢᠶᠠᠨ ᠤ ᠲᠠᠪᠴᠠᠩ ᠨᠢ ᠴᠢᠩ ᠱᠦᠶ ᠡᡁᠧ ᠰᠢᠶᠠᠨ ᠤ ᠨᠥᠬᠦᠴᠡᠯ᠂ ᠲᠠᠷᠢᠮᠠᠯ ᠤᠨ ᠣᠨᠴᠠᠯᠢᠭ᠂ ᠠᠵᠤ ᠦᠢᠯᠡᠰ ᠤᠨ ᠳᠠᠪᠠᠭᠤᠯᠢᠭ ᠵᠡᠷᠭᠡ ᠳᠤ ᠰᠠᠭᠤᠷᠢᠯᠠᠵᠤ᠂ ︽ᠵᠢᠵᠢᠭ  ᠡᠯᠳᠡᠪ ᠠᠮᠤ  ᠲᠣᠮᠣ ᠠᠵᠤ  ᠦᠢᠯᠡᠰ︾ ᠢᠶᠠᠷ ᠭᠤᠤᠯ ᠰᠡᠳᠦᠪ ᠪᠣᠯᠭᠠᠵᠤ᠂ ᠪᠦᠬᠦ ᠤᠯᠤᠰ ᠤᠨ ᠬᠡᠪᠴᠢᠶᠡᠨ ᠳᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠬᠢᠵᠦ ᠪᠠᠶᠢᠭ᠎ᠠ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠰᠤᠳᠤᠯᠤᠨ ᠶᠠᠷᠢᠯᠴᠠᠭᠤᠯᠤᠨ  ᠰᠠᠨᠠᠯ ᠰᠣᠯᠢᠯᠴᠠᠭᠤᠯᠵᠤ᠂  ᠬᠦᠬᠡᠬᠤᠲᠠ ᠶᠢᠨ ᠬᠤᠶᠠᠳᠤᠭᠠᠷ ᠨᠡᠷ᠎ᠡ ᠶᠢᠨ ᠬᠠᠭᠤᠳᠠᠰᠤ — ᠡᠯᠳᠡᠪ ᠠᠮᠤ ᠪᠤᠳᠠᠭᠠᠨ ᠤ  ᠬᠤᠲᠠ ᠶᠢ ᠴᠣᠭᠴᠠᠯᠠᠬᠤ ᠳᠤ ᠮᠠᠰᠢ ᠣᠯᠠᠨ ᠨᠠᠷᠠᠲᠤ ᠬᠥᠮᠦᠰ ᠢ ᠠᠪᠴᠢᠷᠠᠪᠠ᠃ ᠪᠢᠳᠡ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢ  ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠶᠠᠪᠤᠴᠠ ᠳᠤ᠂ ᠲᠣᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠤᠨᠤᠯ ᠤᠨ ᠦᠷ᠎ᠡ ᠪᠦᠲᠦᠭᠡᠯ ᠢ  ᠭᠦᠢᠴᠡᠳ ᠰᠢᠩᠭᠡᠭᠡᠨ ᠠᠪᠴᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂  ᠬᠦᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ  ᠪᠢᠴᠢᠭᠯᠡᠰᠤᠭᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号