| | | 11 ᠳ᠋ᠦ᠋ᠭᠡᠷ ᠰᠠᠷ᠎ᠠ ᠶᠢᠨ 18 ᠤ ᠡᠳᠦᠷ᠂ ᠬᠤᠷᠢᠨᠭᠡᠷ ᠰᠢᠶᠠᠨ ᠤ ᠦᠷᠢᠲᠦᠭᠰᠡᠨ ᠢ ᠵᠠᠰᠠᠵᠤ ᠥᠭᠬᠦ ᠶᠢ | ᠪᠠᠲᠤᠯᠠᠬᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠨᠠᠮ ᠵᠠᠰᠠᠭ ᠤᠨ ᠠᠯᠪᠠᠨ | ᠠᠰᠠᠷ ᠤᠨ 401 ᠬᠤᠷᠠᠯ ᠤᠨ ᠭᠡᠷ ᠲᠤ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠧᠩ ᠭᠤᠸᠠᠨ ᠪᠠᠯᠭᠠᠰᠤ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠵᠢᠴᠢ ᠬᠠᠮᠢᠶ᠎ᠠ ᠪᠦᠬᠦᠢ | ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ 11 ᠳ᠋ᠦ᠋ᠭᠡᠷ ᠰᠠᠷ᠎ᠠ ᠶᠢᠨ 11 ᠤ ᠡᠳᠦᠷ ᠤᠨ ᠪᠥᠬᠦ ᠬᠤᠲᠠ ᠶᠢᠨ | ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠶᠢ ᠴᠡᠭᠴᠡᠯᠡᠨ ᠰᠠᠶᠢᠵᠢᠷᠠᠭᠤᠯᠬᠤ ᠬᠤᠷᠠᠯ ᠤᠨ ᠵᠣᠷᠢᠭ ᠰᠠᠨᠠᠭ᠎ᠠ ᠵᠢᠴᠢ | ᠮᠠᠨ ᠤ ᠰᠢᠶᠠᠨ ᠤ ᠰᠢᠮᠳᠠᠭᠤᠯᠣᠨ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠪᠡ︔ | ᠬᠠᠮᠢᠶ᠎ᠠ ᠪᠦᠬᠦᠢ ᠨᠢᠭᠡᠴᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ | ᠃ | ᠵᠠᠩ ᠯᠢᠨ ᠯᠢᠨ ᠵᠢᠭᠠᠵᠣ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ | ᠠᠬᠤᠶᠢᠯᠠᠯ ᠪᠦᠬᠦ ᠬᠤᠲᠠ ᠶᠢᠨ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠵᠣ᠂ ᠲᠣᠰ ᠭᠠᠷᠠᠭ ᠤᠨ ᠳᠣᠲᠣᠷ᠎ᠠ ᠣᠷᠣᠰᠢᠵᠤ ᠪᠠᠶᠢᠭ᠎ᠠ | ᠠᠰᠠᠭᠤᠳᠠᠯ ᠢ ᠲᠣᠶᠢᠯᠪᠣᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ︔ ᠡᠯ᠎ᠡ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠰᠢᠶᠠᠩ ᠪᠠᠯᠭᠠᠰᠤ᠂ ᠨᠡᠭᠡᠭᠡᠯᠲᠡ ᠶᠢᠨ ᠲᠣᠭᠤᠷᠢᠭ᠂ ᠲᠥᠪᠯᠡᠷᠡᠭᠰᠡᠨ | ᠲᠣᠭᠤᠷᠢᠭ ᠨᠤᠭᠤᠳ ᠲᠤᠰ ᠠᠵᠢᠯ ᠲᠥᠷᠥᠯ᠂ ᠲᠤᠰ ᠭᠠᠵᠠᠷ ᠣᠷᠣᠨ ᠤ ᠬᠠᠷᠢᠶ᠎ᠠ ᠪᠦᠬᠦᠢ ᠠᠵᠤ ᠠᠬᠤᠶᠢᠯᠠᠯ ᠢ | ᠰᠢᠮᠳᠠᠭᠤᠯᠵᠤ ︽ᠳᠥᠷᠪᠡᠨ ᠳᠦᠷᠢᠮ ᠨᠢᠭᠡ ᠮᠥᠩᠭᠦ︾ ᠶᠢᠨ ᠳᠦᠷᠢᠮ ᠢ ᠬᠢᠨᠠᠮᠠᠭᠠᠶ ᠨᠠᠶᠢᠳᠠᠪᠣᠷᠢᠵᠢᠭᠤᠯᠣᠨ᠂ | ᠵᠢᠯ ᠤᠨ ᠳᠣᠲᠣᠷ᠎ᠠ ᠴᠠᠯᠢᠩ ᠥᠷᠢᠲᠦᠭᠰᠡᠨ ᠬᠡᠷᠡᠭ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ︔ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠬᠠᠷᠢᠶ᠎ᠠ ᠭᠠᠵᠠᠷ ᠤᠨ ᠰᠠᠯᠠᠭ᠎ᠠ | ᠮᠥᠴᠢᠷ ᠤᠳ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠬᠤ ᠪᠠ ᠮᠠᠭᠤ ᠰᠠᠨᠠᠭᠠᠯᠠᠵᠤ | ᠴᠠᠯᠢᠩ ᠥᠷᠢᠲᠦᠬᠦ᠂ ᠮᠠᠭᠤ ᠰᠠᠨᠠᠭᠠᠯᠠᠵᠤ ᠴᠠᠯᠢᠩ ᠨᠡᠬᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ | ᠮᠠᠭᠤ ᠰᠠᠨᠠᠭᠠᠯᠠᠵᠤ ᠴᠠᠯᠢᠩ ᠥᠷᠢᠲᠦᠭᠰᠡᠨ ᠠᠵᠤ ᠠᠬᠤᠶᠢᠯᠠᠯ ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ | ︔ ᠥᠷᠢ ᠰᠢᠷᠢ ᠶᠢ ᠢᠯᠭᠠᠷᠠᠭᠤᠯᠬᠤ ᠠᠯᠪᠠᠨ ᠭᠡᠷ ᠢᠶᠠᠷ ᠲᠦᠷᠦᠭᠦᠯᠡᠭᠦᠯᠦᠨ᠂ ᠵᠠᠰᠠᠭ ᠤᠨ ᠣᠷᠳᠣᠨ ᠤ ᠠᠯᠪᠠᠨ ᠭᠡᠷ | ᠬᠠᠮᠵᠢᠯᠴᠠᠵᠤ᠂ ᠰᠢᠮᠳᠠᠭᠤᠯᠣᠨ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠦᠨ᠂ ᠠᠰᠠᠭᠤᠳᠠᠯ ᠢ ᠣᠯᠵᠤ ᠮᠡᠳᠡᠭᠰᠡᠨ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠰᠢᠮᠳᠠᠭᠤᠯᠤᠨ ᠪᠠᠶᠢᠴᠠᠭᠠᠵᠤ᠂ ᠲᠣᠰ ᠭᠠᠷᠠᠭ ᠤᠨ ᠳᠣᠲᠣᠷ᠎ᠠ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠦᠭᠡᠢ ᠶᠢ ᠨᠢ ᠮᠡᠳᠡᠭᠳᠡᠬᠦ ᠬᠡᠷᠡᠭᠲᠡᠶ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠣᠯᠣᠨ ᠤᠯᠤᠰ ᠲᠥᠷᠥ ᠶᠢᠨ ᠦᠵᠡᠯ ᠤᠬᠠᠮᠰᠠᠷ ᠢᠶᠠᠨ | ᠳᠡᠭᠡᠭᠰᠢᠯᠡᠭᠦᠯᠵᠦ᠂ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠬᠦᠴᠦ ᠶᠠᠪᠣᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ | ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠶ | ᠭᠡᠪᠡ᠃ |