ᠶᠠᠪᠤᠳᠠᠯ ᠳᠤᠮᠳᠠᠬᠢ ᠪᠠᠭᠠᠴᠤᠳ ᠤᠨ ᠣᠷᠳᠣᠨ
ᠨᠡᠶᠢᠲᠡᠯᠡᠭᠰᠡᠨ ᠴᠠᠭ᠄
2019-11-21
     11 ᠳ᠋ᠦ᠋ᠭᠡᠷ ᠰᠠᠷ᠎ᠠ ᠶᠢᠨ 20 ᠤ ᠡᠳᠦᠷ᠂ ᠢᠦᠢ ᠴᠢᠦᠸᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠣᠷᠳᠣᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠭᠢᠮ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ ᠬᠦᠷᠴᠦ᠂ ᠰᠤᠷᠤᠭᠴᠢᠳ ᠪᠠᠭᠰᠢ ᠶᠢᠨ ᠢᠶᠠᠨ ᠳᠠᠭᠠᠭᠤᠯᠭ᠎ᠠ ᠳᠣᠣᠷ᠎ᠠ ᠮᠣᠳᠣᠨ ᠬᠠᠪᠲᠠᠰᠤ ᠪᠠᠷ ᠮᠠᠰᠢᠨ ᠬᠥᠮᠦᠨ ᠵᠡᠷᠭᠡᠯᠡᠨ ᠤᠭᠰᠠᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠣᠶᠢᠷ᠎ᠠ ᠵᠠᠶ ᠠᠴᠠ ᠣᠶᠢᠯᠠᠭᠠᠪᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠣᠷᠳᠣᠨ ︽ᠶᠠᠪᠤᠳᠠᠯ ᠳᠤᠮᠳᠠᠬᠢ ᠪᠠᠭᠠᠴᠤᠳ ᠤᠨ ᠣᠷᠳᠣᠨ︾ ᠰᠢᠷᠢᠰ ᠨᠡᠶᠢᠲᠡ ᠶᠢᠨ ᠠᠰᠠᠷᠠᠮᠵᠢ  ᠶᠢᠨ ᠬᠢᠴᠢᠶᠡᠯ ᠤᠨ ᠲᠠᠩᠬᠢᠮ ᠭᠠᠷᠭᠠᠵᠤ᠂ 18 ᠲᠥᠷᠥᠯ ᠤᠨ ᠬᠠᠷᠢᠯᠴᠠᠨ ᠦᠢᠯᠡᠳᠦᠯᠴᠡᠬᠦ ᠮᠠᠶ᠋ᠢᠭ ᠤᠨ ᠣᠨᠴᠠᠯᠢᠭᠲᠤ ᠬᠢᠴᠢᠶᠡᠯ ᠲᠣᠬᠢᠷᠠᠭᠤᠯᠤᠨ᠂ ᠬᠠᠷᠢᠶ᠎ᠠ ᠭᠠᠵᠠᠷ ᠤᠨ ᠬᠡᠦᠬᠡᠳ ᠤᠨ ᠴᠡᠴᠡᠷᠯᠢᠭ᠂ ᠰᠤᠷᠭᠠᠭᠤᠯᠢ ᠳᠤ ᠨᠡᠭᠡᠭᠡᠵᠦ᠂ ᠣᠨᠴᠠᠯᠢᠭᠲᠤ ᠬᠢᠴᠢᠶᠡᠯ ᠨᠢ ᠠᠷᠠᠳ ᠤᠨ ᠵᠠᠩ ᠦᠢᠯᠡ᠂ ᠪᠠᠶᠢᠭᠠᠯᠢ᠂ ᠤᠷᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠣᠯᠠᠨ ᠰᠡᠳᠦᠪ ᠢ ᠬᠠᠮᠤᠷᠴᠤ᠂ ᠰᠤᠷᠤᠭᠴᠢᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号