ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠶᠢᠨ ᠪᠦᠯᠦᠭᠯᠡᠯ ᠤᠨ ᠬᠢᠨ ᠬᠤᠷᠢᠨᠭᠡᠷ ᠰᠢᠶᠠᠨ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2019-11-22
     11 ᠳ᠋ᠦ᠋ᠭᠡᠷ ᠰᠠᠷ᠎ᠠ ᠶᠢᠨ19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠣᠥ ᠵᠧᠨ ᠢᠦᠢ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠶᠢᠨ ᠪᠦᠯᠦᠭᠯᠡᠯ ᠤᠨ ᠬᠢᠵᠠᠭᠠᠷᠲᠣ ᠺᠤᠮᠫᠠᠨᠢ ᠶᠢᠨ ᠬᠢ ᠳᠠᠭᠠᠭᠤᠯᠵᠣ ᠮᠠᠨ ᠤ ᠰᠢᠶᠠᠨ ᠳᠤ ᠪᠠᠶᠢᠴᠠᠭᠠᠨ ᠰᠣᠳᠣᠯᠣᠯᠲᠠ ᠬᠢᠵᠦ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠠᠵᠣ ᠠᠬᠤᠶᠢᠯᠠᠯ ᠤᠨ ᠬᠠᠷᠢᠭᠤᠴᠠᠯᠭᠠᠲᠠᠳ ᠪᠠᠷ᠎ᠠ ᠪᠣᠯᠪᠠ᠃       ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠮᠧᠩ ᠨᠢᠦ ᠪᠦᠯᠦᠭᠯᠡᠯ ᠤᠨ ᠹᠦ᠋ ᠶᠣᠸᠠᠨ ᠮᠠᠯ ᠮᠠᠯᠵᠢᠯ ᠤᠨ ᠦᠢᠯᠡᠰ ᠤᠨ ᠮᠠᠯᠵᠢᠯ ᠤᠨ ᠲᠠᠯᠠᠪᠠᠢ᠂ ᠮᠧᠩ ᠨᠢᠦ ᠵᠢᠷᠭᠤᠳᠣᠭᠠᠷ ᠬᠤᠭᠤᠴᠠᠭ᠎ᠠ ᠶᠢᠨ ᠦᠢᠯᠡᠳᠪᠦᠷᠢ ᠳᠤ ᠭᠦᠨᠵᠡᠭᠡᠶᠢᠷᠡᠨ ᠪᠠᠶᠢᠴᠠᠭᠠᠨ ᠰᠣᠳᠣᠯᠣᠯᠲᠠ ᠬᠢᠪᠡ᠃ ᠹᠦ᠋ ᠶᠣᠸᠠᠨ ᠮᠠᠯ ᠮᠠᠯᠵᠢᠯ ᠤᠨ ᠦᠢᠯᠡᠰ ᠤᠨ ᠮᠠᠯᠵᠢᠯ ᠤᠨ ᠲᠠᠯᠠᠪᠠᠢ   ᠳᠤ ᠮᠠᠯᠵᠢᠯ ᠤᠨ ᠲᠠᠯᠠᠪᠠᠢ ᠶᠢᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠠᠭᠠᠯᠢ ᠶᠢᠨ ᠦᠨᠢᠶᠡᠨ ᠤ ᠡᠭᠦᠯᠳᠡᠷ᠂ ᠢᠷᠡᠯᠲᠡ᠂ ᠪᠣᠷᠳᠤᠭ᠎ᠠ ᠡᠪᠡᠰᠦᠨ ᠤ ᠲᠠᠷᠢᠵᠣ ᠪᠠᠶᠢᠭ᠎ᠠ ᠪᠠᠶᠢᠳᠠᠯ᠂ ᠰᠢᠨᠵᠢᠯᠡᠬᠦ ᠤᠬᠠᠭᠠᠨᠴᠢ ᠪᠠᠷ ᠦᠨᠢᠶ᠎ᠡ ᠲᠡᠵᠢᠭᠡᠬᠦ ᠪᠠ ᠮᠠᠯᠵᠢᠯ ᠤᠨ ᠲᠠᠯᠠᠪᠠᠢ ᠶᠢᠨ ᠡᠷᠭᠢᠨ ᠲᠣᠭᠤᠷᠢᠨ ᠤ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠨᠠᠷᠢᠯᠢᠭ ᠠᠰᠠᠭᠤᠨ ᠯᠠᠪᠯᠠᠵᠣ᠂ ᠮᠠᠯᠵᠢᠯ ᠤᠨ ᠲᠠᠯᠠᠪᠠᠢ ᠶᠢᠨ ᠬᠦᠷᠢᠶ᠎ᠡ ᠬᠡᠪᠴᠢᠶ᠎ᠡ ᠪᠣᠯᠣᠨ ᠵᠠᠬ᠎ᠠ ᠳᠡᠯᠭᠡᠭᠦᠷ ᠯᠦᠭᠡ ᠶᠢᠨ ᠵᠣᠭᠠᠯᠴᠠᠭ᠎ᠠ ᠶᠢᠨ ᠠᠷᠭ᠎ᠠ ᠵᠠᠮ ᠢ ᠰᠠᠶᠢᠲᠣᠷ ᠣᠶᠢᠯᠠᠭᠠᠨ᠂ ᠡᠭᠦᠨ ᠤ ᠳᠠᠷᠠᠭᠠᠲᠠᠢ  ᠳᠤ ᠮᠧᠩ ᠨᠢᠦ ᠵᠢᠷᠭᠤᠳᠣᠭᠠᠷ ᠬᠤᠭᠤᠴᠠᠭ᠎ᠠ ᠶᠢᠨ ᠦᠢᠯᠡᠳᠪᠦᠷᠢ ᠶᠢ ᠲᠣᠭᠤᠷᠢᠨ ᠦᠵᠡᠬᠦ ᠶᠢᠨ ᠬᠠᠮᠲᠣ ᠰᠠᠭᠤᠳᠠᠯ ᠤᠨ ᠬᠤᠷᠠᠯ ᠬᠤᠷᠠᠯᠳᠣᠭᠤᠯᠪᠠ᠃      ᠪᠣᠥ ᠵᠧᠨ ᠢᠦᠢ ᠵᠢᠭᠠᠵᠣ ᠭᠠᠷᠭᠠᠭᠰᠠᠨ ᠨᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠶᠢᠨ ᠪᠦᠯᠦᠭᠯᠡᠯ ᠠᠯᠢ ᠲᠦᠷᠭᠡᠨ ᠢᠶᠠᠷ ᠲᠦᠷᠥᠯ ᠵᠦᠢᠯ ᠢ ᠨᠠᠶᠢᠳᠠᠪᠣᠷᠢᠵᠢᠭᠤᠯᠬᠤ ᠣᠷᠣᠨ ᠪᠠᠶᠢᠷᠢ ᠪᠠᠨ ᠰᠣᠩᠭᠤᠵᠤ᠂ ᠡᠯ᠎ᠡ ᠬᠤᠯᠪᠤᠭᠳᠠᠯ ᠪᠦᠬᠦᠢ ᠨᠢᠭᠡᠴᠡ ᠲᠦᠷᠥᠯ ᠵᠦᠢᠯ ᠢ ᠬᠡᠷᠡᠭᠵᠢᠭᠦᠯᠬᠦ ᠲᠦᠯᠦᠪᠯᠡᠭᠡ ᠪᠠᠨ ᠰᠠᠶᠢᠲᠣᠷ ᠬᠢᠵᠦ᠂ ᠡᠮᠦᠨᠡᠬᠢ ᠬᠤᠭᠤᠴᠠᠭᠠᠨ ᠤ ᠦᠨᠳᠦᠰᠦᠨ ᠠᠵᠢᠯ ᠢ ᠠᠯᠢ ᠲᠦᠷᠭᠡᠨ ᠢᠶᠠᠷ ᠰᠠᠶᠢᠲᠣᠷ ᠬᠢᠵᠦ᠂ ᠪᠦᠬᠦᠯᠢ ᠴᠣᠭᠴᠠ ᠶᠢᠨ ᠲᠦᠷᠥᠯ ᠵᠦᠢᠯ ᠤᠨ ᠬᠡᠷᠡᠭᠵᠢᠭᠦᠯᠦᠯᠲᠡ ᠶᠢ ᠥᠷᠨᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠨᠡᠬᠦ ᠤᠳᠠᠭᠠᠨ ᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠶᠢᠨ ᠪᠦᠯᠦᠭᠯᠡᠯ ᠶᠢᠨ ᠲᠦᠯᠦᠪᠯᠡᠭᠡᠨ ᠤ ᠲᠦᠷᠥᠯ ᠵᠦᠢᠯ ᠢ ᠪᠦᠬᠦ ᠬᠦᠴᠦᠨ ᠢᠶᠠᠷ ᠳᠡᠮᠵᠢᠵᠦ᠂ ᠲᠣᠰᠬᠠᠢ ᠠᠬᠢᠭᠤᠯᠬᠤ ᠳᠣᠭᠤᠶᠢᠯᠠᠩ ᠪᠠᠶᠢᠭᠤᠯᠵᠤ᠂ ᠲᠦᠷᠥᠯ ᠵᠦᠢᠯ ᠤᠨ ᠠᠬᠢᠴᠠ ᠶᠢ ᠳᠠᠭᠠᠬᠤ ᠪᠣᠯᠣᠨ᠎ᠠ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号