ᠱᠢ ᠲᠠᠢ ᠹᠧᠩ ᠬᠤᠷᠢᠨᠭᠡᠷ ᠰᠢᠶᠠᠨ ᠳᠤ ᠪᠠᠶᠢᠴᠠᠭᠠᠨ ᠰᠣᠳᠣᠯᠣᠯᠲᠠ ᠬᠢᠬᠦ ᠳᠤ ᠪᠠᠨ ᠴᠢᠩᠭᠠᠳᠬᠠᠭᠰᠠᠨ ᠨᠢ᠄ ᠠᠮᠢ ᠠᠬᠤᠢ ᠶᠢ ᠲᠡᠷᠢᠭᠦᠨ ᠳᠤ ᠲᠠᠯᠪᠢᠨ ᠪᠣᠬᠢᠷᠳᠣᠯ ᠦᠭᠡᠢ ᠬᠦᠭᠵᠢᠯᠲᠡ ᠶᠢᠨ ᠣᠳᠣᠷᠢᠳᠣᠮᠵᠢ ᠶᠢ ᠪᠠᠲᠣ ᠪᠠᠬᠢ ᠪᠣᠢ ᠪᠣᠯᠭᠠᠵᠣ  ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠶᠢ ᠯᠠᠪᠳᠠᠭᠤᠨ ᠪᠠᠲᠣᠲᠠᠢ ᠲᠦᠯᠬᠢᠨ ᠠᠬᠢᠭᠤᠯᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2019-11-22
     11 ᠳ᠋ᠦ᠋ᠭᠡᠷ ᠰᠠᠷ᠎ᠠ ᠶᠢᠨ16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠪᠣᠯᠣᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ ᠶᠢᠨ ᠲᠣᠭᠤᠷᠢᠨ ᠳᠤ ᠪᠠᠶᠢᠴᠠᠭᠠᠨ ᠰᠣᠳᠣᠯᠣᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠭᠤᠰᠢᠯᠠᠭᠤᠯᠬᠤ ᠶᠢ ᠴᠢᠩᠭᠠᠳᠬᠠᠵᠣ᠂ ᠶᠡᠷᠦᠩᠬᠡᠢ ᠱᠦᠵᠢ ᠰᠢ ᠶᠢᠨ ᠫᠢᠩ ᠤᠨ ᠬᠠᠲᠣᠨ ᠭᠤᠣᠯ ᠤᠨ ᠣᠷᠣᠰᠬᠠᠯ ᠳᠠᠭᠠᠣ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠦᠨᠳᠦᠷ ᠴᠢᠨᠰᠠᠭᠠᠲᠣ ᠬᠦᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠣᠭᠤᠰᠢᠯᠠᠭᠤᠯᠣᠨ ᠨᠠᠶᠢᠳᠠᠪᠣᠷᠢᠵᠢᠭᠤᠯᠵᠤ᠂ ᠡᠭᠦᠷᠭᠡ ᠬᠠᠷᠢᠭᠤᠴᠠᠯᠭᠠᠲᠣ ᠰᠡᠳᠬᠢᠯᠭᠡ ᠶᠢ ᠴᠢᠩᠭᠠᠳᠬᠠᠨ᠂ ᠠᠷᠭ᠎ᠠ ᠬᠡᠮᠵᠢᠶ᠎ᠡ ᠰᠡᠳᠬᠢᠮᠵᠢ ᠶᠢᠨ ᠰᠢᠨ᠎ᠡ ᠶᠢ ᠡᠭᠦᠳᠴᠦ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠣᠯ ᠦᠭᠡᠢ ᠬᠦᠭᠵᠢᠯᠲᠡ ᠢᠶᠠᠷ ᠣᠳᠣᠷᠢᠳᠣᠮᠵᠢ ᠪᠣᠯᠭᠠᠭᠰᠠᠨ ᠦᠨᠳᠦᠷ ᠴᠢᠨᠰᠠᠭᠠᠲᠣ ᠬᠦᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠰᠠᠶᠢᠲᠣᠷ ᠶᠠᠪᠣᠬᠤ ᠬᠡᠷᠡᠭᠲᠡᠢ ᠭᠡᠰᠡᠨ ᠪᠠᠶᠢᠨ᠎ᠠ᠃      ᠱᠢ ᠲᠠᠢ ᠹᠧᠩ ᠳᠣᠮᠳᠠᠳᠣ ᠣᠯᠣᠰ ᠤᠨ ᠰᠢᠯᠵᠢᠮᠡᠯ ᠬᠤᠯᠪᠣᠭ᠎ᠠ ︵ᠬᠦᠬᠡᠬᠤᠲᠠ︶ ᠶᠢᠨ ᠲᠤᠭ᠎ᠠ ᠪᠠᠷᠢᠮᠲᠠ ᠶᠢᠨ ᠲᠥᠪ᠂ ᠰᠢᠶᠠᠨ ᠾᠦᠩ ᠰᠢᠨᠵᠢᠯᠡᠬᠦ ᠤᠬᠠᠭᠠᠨ ᠮᠡᠷᠭᠡᠵᠢᠯ᠂ ᠮᠧᠩ ᠨᠢᠦ ᠰᠦ ᠰᠠᠭᠠᠯᠢ ᠶᠢᠨ ᠦᠢᠯᠡᠰ ᠤᠨ ᠪᠦᠯᠦᠭᠯᠡᠯ᠂ ᠮᠧᠩ ᠼᠣᠣ ᠺᠤᠮᠫᠠᠨᠢ᠂ ᠰᠢᠨ᠎ᠡ ᠨᠢᠰᠬᠡᠯ ᠤᠨ ᠪᠠᠭᠤᠳᠠᠯ ᠵᠡᠷᠭᠡ ᠭᠠᠵᠠᠷ ᠲᠤ ᠭᠦᠨᠵᠡᠭᠡᠶᠢᠷᠡᠨ᠂ ᠦᠢᠯᠡᠳᠪᠦᠷᠢᠯᠡᠯ ᠡᠵᠡᠩᠨᠡᠯᠲᠡ᠂ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ᠂ ᠮᠡᠷᠭᠡᠵᠢᠯ ᠤᠨ ᠰᠣᠳᠣᠯᠣᠨ ᠨᠡᠭᠡᠭᠡᠯᠲᠡ ᠪᠠ ᠬᠡᠷᠡᠭᠯᠡᠯᠲᠡ ᠵᠡᠷᠭᠡ ᠪᠠᠶᠢᠳᠠᠯ ᠢ ᠨᠠᠷᠢᠯᠢᠭ ᠣᠶᠢᠯᠠᠭᠠᠭᠰᠠᠨ ᠪᠠᠶᠢᠨ᠎ᠠ᠃ ᠲᠡᠷᠡ ᠴᠢᠩᠭᠠᠳᠬᠠᠭᠰᠠᠨ ᠨᠢ᠂ ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠶᠢ ᠲᠦᠯᠬᠢᠨ ᠠᠬᠢᠭᠤᠯᠬᠤ ᠳᠤ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠵᠠᠬ᠎ᠠ ᠳᠡᠯᠭᠡᠭᠦᠷ ᠤᠨ ᠠᠵᠢᠯᠯᠠᠭ᠎ᠠ ᠡᠷᠭᠢᠯᠲᠡ ᠶᠢ ᠪᠠᠷᠢᠮᠲᠠᠯᠠᠵᠤ᠂ ᠤᠯᠤᠰ ᠤᠨ ᠲᠣᠲᠣᠭᠠᠳᠣ ᠭᠠᠳᠠᠭᠠᠳᠣ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠭᠠᠨ ᠤ ᠬᠦᠷᠢᠶᠠᠯᠡᠩ ᠭᠠᠵᠠᠷ ᠯᠤᠭ᠎ᠠ ᠶᠢᠨ ᠬᠠᠮᠲᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠢᠶᠠᠨ ᠴᠢᠩᠭᠠᠳᠬᠠᠵᠣ ᠬᠡᠷᠡᠭᠯᠡᠯᠲᠡ ᠪᠠᠨ ᠤᠯᠠᠷᠢᠭᠤᠯᠣᠨ ᠬᠤᠪᠢᠷᠠᠭᠤᠯᠵᠤ᠂ ᠰᠢᠨ᠎ᠡ ᠶᠢ ᠡᠭᠦᠳᠬᠦ ᠣᠨᠴᠠᠭᠠᠶᠢᠯᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠵᠦ ᠠᠵᠣ ᠦᠢᠯᠡᠰ ᠤᠨ ᠬᠡᠯᠬᠢᠶᠡᠵᠢᠯ ᠤᠨ ᠬᠢᠷᠢ  ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠠᠵᠣ ᠦᠢᠯᠡᠰ ᠤᠨ ᠳᠡᠭᠡᠳᠦ ᠳᠣᠣᠷᠠᠳᠣ ᠤᠷᠤᠰᠬᠠᠯ ᠤᠨ ᠢᠵᠢ ᠪᠦᠷᠢᠳᠦᠭᠦᠯᠬᠦ ᠬᠦᠭᠵᠢᠯᠲᠡ ᠶᠢ ᠴᠢᠬᠤᠯᠠᠴᠢᠯᠠᠨ ᠠᠳᠬᠤᠵᠤ᠂ ᠲᠣᠰ ᠭᠠᠵᠠᠷ ᠤᠨ ᠳᠠᠪᠠᠭᠤᠯᠢᠭ ᠲᠤ ᠪᠠᠨ ᠰᠠᠭᠤᠷᠢᠯᠠᠨ᠂ ᠭᠤᠣᠯᠯᠠᠭᠴᠢ ᠠᠵᠣ ᠠᠬᠤᠶᠢᠯᠠᠯ ᠳᠤ ᠲᠦᠰᠢᠭᠯᠡᠵᠦ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ ᠨᠠᠷᠢᠯᠢᠭ ᠣᠨᠣᠪᠴᠢᠲᠠᠢ ᠥᠷᠨᠢᠭᠦᠯᠵᠦ᠂ ᠠᠵᠣ ᠦᠢᠯᠡᠰ ᠤᠨ ᠬᠡᠯᠬᠢᠶᠡᠵᠢᠯ ᠢᠶᠠᠨ ᠣᠷᠳᠣᠳᠬᠠᠨ᠂ ᠠᠵᠣ ᠦᠢᠯᠡᠰ ᠤᠨ ᠲᠥᠪᠯᠡᠷᠡᠭᠰᠡᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠮᠧᠩ ᠨᠢᠦ ᠰᠦ ᠰᠠᠭᠠᠯᠢ ᠶᠢᠨ ᠪᠦᠯᠦᠭᠯᠡᠯ ᠢ ᠰᠢᠨᠵᠢᠯᠡᠨ ᠪᠠᠶᠢᠴᠠᠭᠠᠬᠤ ᠳᠤ ᠪᠠᠨ ᠲᠡᠷᠡ ᠠᠵᠣ ᠠᠬᠤᠶᠢᠯᠠᠯ ᠢ ᠳᠠᠪᠠᠭᠤᠯᠢᠭ ᠢᠶᠠᠨ ᠪᠠᠳᠠᠷᠠᠭᠤᠯᠵᠤ᠂ ᠬᠦᠭᠵᠢᠯᠲᠡ ᠶᠢᠨ ᠠᠷᠭ᠎ᠠ ᠠᠪᠴᠠᠯ ᠢᠶᠠᠨ ᠰᠢᠨ᠎ᠡ ᠶᠢ ᠡᠭᠦᠳᠴᠦ᠂ ᠳᠡᠯᠡᠬᠡᠢ ᠶᠢᠨ ᠲᠡᠷᠢᠭᠦᠨ ᠤ ᠰᠦ ᠰᠠᠭᠠᠯᠢ ᠶᠢᠨ ᠠᠵᠣ ᠠᠬᠤᠶᠢᠯᠠᠯ ᠢ ᠴᠣᠭᠴᠠᠯᠠᠬᠤ ᠬᠡᠷᠡᠭᠲᠡᠢ ᠭᠡᠵᠦ ᠵᠣᠷᠢᠭᠵᠢᠭᠤᠯᠪᠠ᠃      ᠱᠢ ᠲᠠᠢ ᠹᠧᠩ ᠮᠧᠩ ᠼᠤᠤ ᠺᠤᠮᠫᠠᠨᠢ ᠶᠢᠨ ᠠᠮᠢ ᠠᠬᠤᠢ ᠶᠢᠨ ᠵᠠᠰᠠᠯᠲᠠ ᠶᠢᠨ ᠲᠠᠯ᠎ᠠ ᠪᠠᠷ ᠬᠢ ᠦᠷ᠎ᠡ ᠪᠦᠲᠦᠮᠵᠢ ᠶᠢ ᠨᠠᠷᠢᠯᠢᠭ ᠣᠶᠢᠯᠠᠭᠠᠭᠰᠠᠨ ᠤ ᠳᠠᠷᠠᠭ᠎ᠠ᠂ ᠲᠡᠷᠡ ᠴᠢᠩᠭᠠᠳᠬᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠰᠡᠷᠭᠦᠭᠡᠬᠦ ᠳᠤ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠡᠯ᠎ᠡ ᠲᠠᠯ᠎ᠠ ᠶᠢᠨ ᠢᠳᠡᠪᠬᠢᠲᠦ ᠴᠢᠨᠠᠷ ᠢ ᠳᠠᠶᠢᠴᠢᠯᠠᠵᠤ᠂ ᠬᠠᠮᠤᠭ ᠰᠠᠶᠢᠨ ᠵᠠᠰᠠᠯᠲᠠ ᠶᠢᠨ ᠦᠷ᠎ᠡ ᠳ᠋ᠦᠩ ᠢ ᠪᠠᠲᠣᠯᠠᠵᠣ᠂ ᠳᠠᠪᠬᠤᠷᠳᠠᠭᠤᠯᠣᠨ ᠵᠠᠰᠠᠬᠤ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ ᠭᠡᠰᠡᠨ ᠪᠠᠶᠢᠨ᠎ᠠ᠃      ᠣᠷᠣᠨ᠂ ᠬᠤᠲᠠ᠂ ᠰᠢᠶᠠᠨ ᠤ ᠤᠳᠤᠷᠢᠳᠤᠯᠭ᠎ᠠ ᠸᠠᠩ ᠯᠢ ᠰᠢᠶᠠ᠂ ᠮᠠ ᠰᠢᠤᠸᠠᠢ ᠵᠢᠶᠦ᠋ᠨ᠂ ᠵᠠᠩ ᠱᠣᠣ ᠴᠦᠨ᠂ ᠴᠧᠨ ᠯᠢ ᠶᠢᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号