| | | ᠬᠡᠤᠬᠡᠳ ᠤᠳ ᠲᠤ ᠴᠠᠭ ᠠᠭᠤᠷ ᠤᠨ ᠪᠠᠭ᠎ᠠ ᠴᠠᠰᠤ ᠶᠢᠨ ᠬᠠᠮᠢᠶ᠎ᠠ ᠲᠠᠢ ᠵᠠᠩ ᠦᠢᠯᠡ ᠶᠢᠨ ᠮᠡᠳᠡᠯᠭᠡ᠂ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠲᠠᠨᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ | 21 ᠤ ᠡᠳᠦᠷ᠂ ᠢᠦᠶ ᠴᠢᠤᠸᠠᠨ ᠲᠣᠭᠤᠷᠢᠭ ᠤᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ | ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ︽ᠪᠠᠭ᠎ᠠ ᠴᠠᠰᠤ ᠪᠣᠯᠵᠤ ᠡᠪᠦᠯ ᠥᠨᠳᠡᠶᠢᠯᠡ︾ ᠴᠠᠭᠠᠰᠤᠨ | ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ᠃ ᠰᠤᠷᠤᠭᠴᠢᠳ ᠲᠤ ᠴᠠᠭᠠᠰᠤᠨ ᠬᠠᠶᠢᠴᠢᠯᠠᠮᠠᠯ ᠬᠠᠶᠢᠴᠢᠯᠠᠬᠤ | ᠠᠷᠠᠳ ᠤᠨ ᠤᠷᠠᠯᠢᠭ ᠤᠨ ᠬᠡᠯᠪᠡᠷᠢ ᠶᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ᠂ ᠴᠠᠭ ᠤᠯᠠᠷᠢᠯ ᠨᠢᠭᠡᠪᠦᠷᠢ ᠶᠢᠨ | ᠢᠷᠡᠯᠲᠡ ᠵᠢᠴᠢ ᠴᠠᠭ ᠤᠯᠠᠷᠢᠯ ᠲᠠᠢ ᠬᠤᠯᠪᠣᠭᠳᠠᠬᠤ ᠰᠢᠯᠦᠭ ᠳᠠᠭᠤᠯᠠᠯ᠂ ᠢᠳᠡᠭᠡᠨ ᠤᠮᠳᠠᠭᠠᠨ᠂ ᠵᠠᠩ ᠳᠠᠳᠬᠠᠯ | ᠵᠡᠷᠭᠡ ᠠᠭᠤᠯᠭ᠎ᠠ ᠶᠢ ᠣᠶᠢᠯᠠᠭᠠᠭᠤᠯᠵᠤ᠂ ᠡᠬᠡ ᠪᠠᠶᠢᠭᠠᠯᠢ ᠶᠢᠨ ᠭᠠᠶᠢᠬᠠᠮᠰᠢᠭ ᠢ ᠮᠡᠳᠡᠷᠡᠭᠦᠯᠦᠨ᠂ ᠪᠠᠭ᠎ᠠ ᠴᠠᠰᠤ ᠪᠠᠨ | ᠤᠭᠲᠤᠪᠠ᠃ | ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ |