ᠬᠥᠬᠡᠬᠤᠲᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠵᠤ ᠡᠬᠢᠯᠡᠯ᠎ᠡ
ᠨᠡᠶᠢᠲᠡᠯᠡᠭᠰᠡᠨ ᠴᠠᠭ᠄
2019-11-22
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ︽ᠬᠥᠬᠡᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠪᠠᠭᠤᠯᠭᠠᠪᠠ᠃ ᠳᠤᠰᠬᠠᠢ ᠴᠡᠭᠴᠡᠯᠡᠯᠳᠡ ᠥᠷᠨᠢᠭᠦᠯᠬᠦ ᠪᠠᠷ ᠳᠠᠮᠵᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠣᠳᠣ ᠶᠢᠨ ᠪᠠᠶᠢᠳᠠᠯ ᠢ ᠳᠠᠬᠢᠨᠳᠠ ᠤᠢᠢᠯᠠᠭᠠᠵᠤ᠂ ᠠᠵᠢᠯ ᠲᠥᠷᠥᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠲᠥᠷᠥᠯ ᠬᠤᠪᠢᠶᠠᠨ ᠴᠡᠭᠴᠡᠯᠡᠵᠦ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠨᠢ ᠵᠢᠷᠤᠮᠵᠢᠭᠤᠯᠤᠨ᠂ ᠠᠮᠤᠷ ᠲᠦᠪᠰᠢᠨ ᠤ ᠰᠤᠭᠤᠭ ᠢ ᠠᠷᠢᠯᠭᠠᠨ᠂ ᠬᠢᠨᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠬᠤᠲᠠ ᠶᠢᠨ ᠪᠣᠯᠪᠠᠰᠤᠷᠠᠯ ᠤᠨ ᠠᠵᠢᠯ ᠲᠥᠷᠥᠯ ᠤᠨ ᠵᠢᠷᠤᠮᠵᠢᠭᠤᠨ ᠪᠦᠭᠡᠳ ᠡᠷᠡᠭᠦᠯ ᠬᠥᠭᠵᠢᠯᠲᠡ ᠶᠢ ᠠᠬᠢᠭᠤᠯᠬᠤ ᠪᠠᠷ ᠪᠤᠢ᠃      ︽ᠲᠥᠰᠦᠯ︾ ᠤᠨ ᠱᠠᠭᠠᠷᠳᠠᠯᠭ᠎ᠠ ᠪᠠᠷ᠂ ᠬᠥᠬᠡᠬᠤᠲᠠ ᠶᠢᠨ ᠡᠯ᠎ᠡ ᠭᠠᠵᠠᠷ ᠤᠨ ᠬᠢᠨ 11 ᠰᠠᠷ᠎ᠠ ᠶᠢᠨ 1 ᠠᠴᠠ 12 ᠰᠠᠷ᠎ᠠ ᠶᠢᠨ ᠰᠡᠭᠦᠯᠴᠢ ᠪᠣᠯᠲᠠᠯ᠎ᠠ ᠠᠵᠢᠯ ᠤᠨ ᠠᠬᠢᠭᠤᠯᠬᠤ ᠳᠤᠭᠤᠶᠢᠯᠠᠩ ᠪᠠᠶᠢᠭᠤᠯᠵᠤ᠂ ᠪᠣᠳᠠᠲᠠᠢ ᠴᠡᠭᠴᠡᠯᠡᠨ ᠵᠠᠰᠠᠬᠤ ᠲᠥᠰᠦᠯ ᠲᠣᠭᠲᠠᠭᠠᠨ᠂ ᠬᠠᠷᠢᠶ᠎ᠠ ᠣᠷᠣᠨ ᠤ ᠪᠠᠨ ᠳᠣᠲᠣᠷᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠪᠣᠯᠣᠨ᠎ᠠ᠃ ᠣᠷᠣᠰᠢᠵᠤ ᠪᠠᠶᠢᠭ᠎ᠠ ᠠᠰᠠᠭᠤᠳᠠᠯ ᠶᠢ ᠴᠢᠩᠭ᠎ᠠ ᠪᠠᠶᠢᠴᠠᠭᠠᠨ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠡᠵᠡᠩᠨᠡᠯᠲᠡ ᠶᠢ ᠨᠢ ᠵᠣᠭᠰᠣᠭᠠᠨ᠂ ᠳᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠦᠬᠡᠢ ᠪᠤᠯ ᠬᠢᠷᠢ ᠬᠡᠮ ᠢ ᠨᠢ ᠦᠭᠡᠶᠢᠰᠬᠡᠨ᠎ᠡ᠃ 2020 ᠣᠨ ᠤ 1 ᠰᠠᠷ᠎ᠠ ᠶᠢᠨ 1 ᠠᠴᠠ 3 ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠭᠰᠡᠨ ᠪᠠᠶᠢᠳᠠᠯ ᠳᠤ ᠪᠠᠶᠢᠴᠠᠭᠠᠯᠲᠠ ᠬᠢᠬᠦ ᠪᠣᠯᠣᠨ᠎ᠠ᠃ 11 ᠰᠠᠷ᠎ᠠ ᠶᠢᠨ 12 ᠤᠨ ᠡᠳᠦᠷ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠲᠦᠰᠦᠯ︾ ᠶᠤᠰᠤᠭᠠᠷ ᠬᠠᠷᠢᠶ᠎ᠠ ᠣᠷᠣᠨ ᠤ ᠪᠠᠨ ᠱᠦ ᠰᠢᠶᠠᠩ ᠮᠧᠨ ᠳ᠋ᠢ ᠠᠯᠪᠠᠯᠠᠬᠤ ᠠᠰᠠᠷ ᠤᠨ ᠳᠣᠲᠣᠷᠠᠬᠢ ᠰᠣᠶᠣᠯ ᠤᠨ ᠬᠢᠴᠢᠶᠡᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠵᠦ᠂ ᠪᠥᠸᠧ ᠳ᠋ᠠ ᠪᠣᠯᠤᠨ ᠰᠢᠶᠦ᠋ᠨ ᠫᠧᠢ ᠪᠣᠯᠪᠠᠰᠤᠷᠠᠯ ᠤᠨ ᠪᠠᠶᠢᠭᠤᠯᠤᠮᠵᠢ ᠬᠢᠭᠡᠳ ᠨᠢᠭᠡᠨ ᠬᠢᠴᠢᠶᠡᠯ ᠨᠥᠬᠦᠬᠦ ᠠᠩᠭᠢ ᠶᠢ ᠵᠤᠭᠰᠤᠭᠠᠵᠠᠢ᠃ 14 ᠤ ᠡᠳᠤᠷ᠂ ᠰᠠᠶᠢᠬᠠᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠬᠤᠯᠪᠣᠭᠳᠠᠯ ᠪᠦᠬᠦᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨ ᠢ ᠴᠤᠭᠯᠠᠭᠤᠯᠤᠨ ᠬᠤᠷᠠᠯ ᠬᠢᠵᠦ᠂ ᠳᠡᠭᠡᠷ᠎ᠡ ᠳᠤᠷᠠᠳᠤᠭᠰᠠᠨ ᠲᠥᠰᠦᠯ ᠢ ᠵᠠᠷᠯᠠᠨ ᠮᠡᠳᠡᠭᠳᠡᠵᠦ ᠂ ᠪᠣᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠵᠠᠰᠠᠬᠤ ᠠᠵᠢᠯ ᠢᠶᠠᠨ ᠤᠯᠠᠮ ᠨᠢᠭᠡ ᠠᠯᠬᠤᠮ ᠠᠬᠢᠭᠤᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号