ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠲᠣᠭᠲᠠᠬᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019/11/22
       ᠤᠶᠢᠷ᠎ᠠ ᠳᠤ᠂ 2019 ᠣᠨ ᠤ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠲᠣᠭᠲᠠᠬᠤ ᠰᠢᠶᠠᠨ ᠳᠤ ᠶᠠᠪᠤᠭᠳᠠᠪᠠ᠃ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠦᠬᠡᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠬᠠᠷᠢᠭᠤᠴᠠᠯᠭᠠᠲᠠᠨ᠂ ᠬᠤᠲᠠ ᠶᠢᠨ ᠬᠠᠷᠢᠶᠠᠳᠦ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠲᠠᠨ᠂ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠪᠠ ᠡᠯ᠎ᠡ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠪᠠᠷᠤᠭ 70 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠤᠷᠤᠯᠴᠠᠵᠦ᠂ ᠪᠣᠯᠪᠠᠰᠤᠷᠠᠯ ᠤᠨ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠪᠠ᠃      ᠪᠣᠯᠪᠠᠰᠤᠷᠠᠭᠤᠯᠤᠯ ᠨᠢ ᠭᠤᠤᠯᠳᠠᠭᠤ ᠲᠤᠰᠬᠠᠶ ᠮᠡᠷᠭᠡᠵᠢᠯᠲᠡᠨ ᠤ ᠲᠠᠶᠢᠯᠤᠮᠵᠢ᠂ ᠸᠢᠳᠢᠤ᠋ ᠵᠢᠭᠠᠨ ᠰᠤᠷᠭᠠᠯᠲᠠ ᠪᠠ ᠰᠢᠯᠢᠳᠡᠭ ᠬᠡᠷᠡᠭ ᠤᠨ ᠵᠢᠱᠢᠶ᠎ᠡ ᠶᠢ ᠬᠤᠪᠢᠶᠠᠨ ᠡᠳ᠋ᠯᠡᠬᠦ ᠵᠡᠷᠭᠡ ᠠᠭᠤᠯᠭ᠎ᠠ ᠪᠠᠷ ᠶᠠᠪᠤᠭᠳᠠᠪᠠ᠃ ᠪᠣᠯᠪᠠᠰᠤᠷᠠᠯ ᠤᠨ ᠳᠤᠮᠳᠠ᠂ ᠰᠤᠷᠤᠭᠴᠢᠳ ︽ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠢ ᠲᠠᠨᠢᠯᠲᠠ ᠪᠠ ᠦᠢᠯᠡᠳᠦᠯᠭᠡ︾ ᠶᠢᠨ ᠲᠤᠰᠬᠠᠶ ᠰᠡᠳᠦᠪᠲᠦ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠢᠷᠬᠠᠪᠠ᠃ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠬᠠᠷᠢᠭᠤᠴᠠᠯᠭᠠᠲᠠᠨ ᠬᠦᠬᠡᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶᠢᠯᠠᠭᠰᠠᠨ ᠠᠵᠢᠯ ᠤᠨ ᠣᠳᠣᠬᠢ ᠪᠠᠶᠢᠳᠠᠯ᠂ ᠣᠨᠴᠠᠯᠢᠭ ᠪᠠ ᠱᠠᠭᠠᠷᠳᠠᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠡᠢ᠃ ᠴᠢᠩ ᠱᠦᠶ ᠾᠧ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠮᠠ ᠵᠢᠶᠦ᠋ᠨ ᠫᠢᠩ ᠠᠴᠠ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠭᠤᠯᠢ ᠶᠢᠨ ᠬᠦᠷᠢᠶᠡᠨ ᠳᠤ ᠤᠷᠤᠭᠰᠠᠨ ᠰᠢᠯᠢᠳᠡᠭ ᠬᠡᠷᠡᠭ ᠤᠨ ᠵᠢᠱᠢᠶ᠎ᠡ ᠶᠢ ᠬᠤᠪᠢᠶᠠᠯᠴᠠᠪᠠ᠃      ᠲᠣᠰ ᠤᠳᠠᠭᠠᠨ ᠤ ᠪᠣᠯᠪᠠᠰᠤᠷᠠᠯ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠲᠠᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠰᠤᠷᠤᠭᠴᠢᠳ ᠨᠢ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠨ ᠲᠤᠰᠬᠠᠶ ᠮᠡᠷᠭᠡᠵᠢᠯ ᠤᠨ ᠮᠡᠳᠡᠯᠭᠡ ᠪᠠᠨ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠠᠪᠤᠴᠠ ᠵᠢᠴᠢ ᠠᠩᠬᠠᠷᠬᠤ ᠵᠦᠢᠯ ᠢ ᠨᠠᠩ ᠲᠣᠳᠣᠷᠬᠠᠶ ᠡᠵᠡᠮᠰᠢᠵᠦ᠂ ᠤᠰᠠᠳᠬᠤ ᠠᠶᠤᠯᠳᠠᠢ ᠲᠥᠷᠥᠯ ᠵᠦᠢᠯ ᠢ ᠬᠠᠮᠠᠭᠠᠯᠠᠬᠤ ᠰᠡᠳᠬᠢᠴᠡ ᠪᠠᠨ ᠥᠷᠭᠡᠳᠬᠡᠵᠦ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠢ ᠥᠷᠨᠢᠭᠦᠯᠬᠦ ᠳᠤ ᠨᠠᠩ ᠪᠠᠲᠤ ᠪᠠᠬᠢ ᠰᠠᠭᠤᠷᠢ ᠶᠢ ᠲᠠᠯᠪᠢᠵᠦ ᠦᠭᠭᠦᠭᠰᠡᠨ ᠪᠠᠶᠢᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ