ᠠᠷᠢᠭᠤᠨ ᠴᠡᠪᠡᠷ ᠤᠨ ︽ᠣᠶᠤᠨᠴᠢ ᠠᠵᠢᠯᠴᠢᠨ︾
ᠨᠡᠶᠢᠲᠡᠯᠡᠭᠰᠡᠨ ᠴᠠᠭ᠄
2019-11-25
      ᠣᠶᠢᠷ᠎ᠠ ᠳᠤ᠂ ᠬᠦᠬᠡᠬᠤᠳᠠ ᠶᠢᠨ ᠢᠦ᠋ᠢᠴᠢᠤᠸᠠᠨ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠣᠪᠴᠢᠶ᠎ᠠ ᠶᠢᠨ ᠬᠢᠨ ᠤᠶᠤᠨᠴᠢ ᠴᠡᠪᠡᠷᠯᠡᠨ ᠱᠦᠬᠦᠷᠳᠡᠬᠦ ᠮᠠᠰᠢᠨ — ᠤᠷᠴᠢᠨ ᠲᠤᠭᠤᠷᠢᠨ ᠤ ᠠᠷᠢᠭᠤᠨ ᠴᠡᠪᠡᠷ ᠤᠨ ︽ᠤᠶᠤᠨᠴᠢ ᠠᠵᠢᠯᠴᠢᠨ︾ ᠢᠶᠠᠨ ᠠᠵᠢᠯ ᠤᠨ ᠪᠠᠶᠢᠷᠢ ᠳᠤᠨᠢ ᠭᠠᠷᠭᠠᠪᠠ᠃      ᠡᠨᠡ ᠬᠦ ᠤᠶᠤᠨᠴᠢ ᠱᠦᠬᠦᠷᠳᠡᠨ ᠴᠡᠪᠡᠷᠯᠡᠬᠦ ᠮᠠᠰᠢᠨ ᠨᠢ ᠢᠦ᠋ᠢᠴᠢᠤᠸᠠᠨ ᠲᠤᠭᠤᠷᠢᠭ ᠲᠠᠬᠢ ᠲᠦᠮᠡ ᠭᠠᠷᠤᠢ ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠶᠡᠭᠡ ᠵᠤᠤ ᠰᠦᠮ᠎ᠡ ᠠᠭᠤᠳᠠᠮ ᠲᠠᠯᠠᠪᠠᠢ ᠶᠢᠨ ᠠᠷᠢᠭᠤᠨ ᠴᠡᠪᠡᠷ ᠤᠨ ᠠᠵᠢᠯ ᠢ ᠲᠤᠰᠬᠠᠢ ᠬᠠᠷᠢᠭᠤᠴᠠᠵᠤ᠂ ᠠᠵᠢᠯ ᠤᠨ ᠵᠠᠮ ᠱᠤᠭᠤᠮ ᠢ ᠨᠢ ᠺᠤᠮᠫᠢᠦ᠋ᠲ᠋ᠧᠷ ᠢᠶᠠᠷ ᠵᠠᠬᠢᠷᠴᠦ ᠪᠤᠢ᠃ ︽ᠬᠦᠮᠦᠨ ᠤ ᠬᠦᠴᠦᠨ ᠳᠤ ᠠᠷᠪᠢᠳᠠᠢ᠂ ᠦᠷᠬᠡᠨ ᠤᠯᠠᠨ ᠰᠠᠭᠤᠭᠠᠯᠢ ᠠᠷᠠᠳ ᠲᠤ ᠱᠠᠭᠰᠢᠭᠳᠠᠭᠰᠠᠨ ︿ᠤᠶᠤᠨᠴᠢ ᠠᠵᠢᠯᠴᠢᠨ﹀ ᠮᠢᠨᠢ ᠠᠵᠢᠯ ᠤᠨ ᠵᠠᠮ ᠳᠠᠭᠠᠨ ᠬᠠᠷᠰᠢ ᠰᠠᠭᠠᠳ ᠲᠤ ᠤᠴᠠᠷᠠᠪᠠᠯ ᠦᠪᠡᠷ ᠢᠶᠠᠨ ᠲᠤᠭᠤᠷᠢᠨ ᠭᠠᠷᠴᠦ ᠲᠠᠶᠢᠯᠬᠦ ᠤᠨᠴᠠᠭᠠᠢ ᠴᠢᠳᠠᠪᠤᠷᠢ ᠲᠠᠢ ᠶᠤᠮ︾ ᠬᠡᠵᠤ ᠢᠦ᠋ᠢᠴᠢᠤᠸᠠᠨ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠱᠣᠬᠤᠭᠤᠷᠬᠠᠨ ᠶᠠᠷᠢᠵᠠᠭᠠᠨ᠎ᠠ᠃ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠤ ᠯᠸᠢ ᠭᠡᠷᠡᠯ ᠵᠢᠷᠤᠭ ᠢᠶᠠᠷ ᠮᠡᠳᠡᠭᠡᠯᠡᠪᠡ
ᠣᠶᠤᠨᠴᠢ ᠱᠦᠬᠦᠷᠳᠡᠨ ᠴᠡᠪᠡᠷᠯᠡᠬᠦ ᠮᠠᠰᠢᠨ ᠶᠡᠭᠡ ᠵᠤᠤ ᠰᠦᠮ᠎ᠡ ᠠᠭᠤᠳᠠᠮ ᠲᠠᠯᠠᠪᠠᠢ ᠳᠤ ᠤᠷᠮᠠᠳᠠᠢ ᠠᠵᠢᠯᠯᠠᠨ᠎ᠠ᠃
ᠢᠦ᠋ᠢᠴᠢᠤᠸᠠᠨ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠤᠪᠴᠢᠶᠠᠨ ᠤ ᠠᠵᠢᠯᠳᠠᠨ ᠤᠶᠤᠨᠴᠢ ᠱᠦᠬᠦᠷᠳᠡᠨ ᠴᠡᠪᠡᠷᠯᠡᠬᠦ ᠮᠠᠰᠢᠨ ᠤ ᠪᠠᠨ ᠬᠤᠭ ᠨᠤᠪᠰᠢ ᠬᠠᠳᠠᠭᠠᠯᠠᠬᠤ ᠬᠠᠶᠢᠷᠴᠠᠭ ᠢ ᠪᠠᠶᠢᠴᠠᠭᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号