ᠬᠦᠬᠡᠬᠤᠳᠠ ᠮᠤᠩᠭᠤᠯ ᠬᠡᠯᠡᠨ ᠤ ᠪᠠᠭᠰᠢ ᠶᠢᠨ ᠪᠤᠯᠪᠠᠰᠤᠷᠠᠯ ᠡᠷᠬᠢᠯᠡᠵᠠᠢ
ᠨᠡᠶᠢᠲᠡᠯᠡᠭᠰᠡᠨ ᠴᠠᠭ᠄
2019-11-25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 11 ᠰᠠᠷ᠎ᠠ ᠶᠢᠨ 22 ᠤᠨ ᠡᠳᠦᠷ᠂ ᠦᠨᠳᠦᠰᠦᠲᠡᠨ ᠤ ᠰᠤᠶᠤᠯ ᠢ ᠤᠯᠠᠮᠵᠢᠯᠠᠵᠤ ᠬᠦᠭᠵᠢᠬᠦᠯᠬᠦ ᠶᠢ ᠴᠢᠩᠭᠠᠳᠬᠠᠵᠤ᠂ ᠪᠦᠬᠦ ᠬᠤᠳᠠ ᠶᠢᠨ ᠮᠤᠩᠭᠤᠯ ᠬᠡᠯᠡᠨ ᠤ ᠪᠠᠭᠰᠢ ᠶᠢᠨ ᠬᠡᠪ ᠪᠤᠯᠪᠠᠰᠤᠷᠠᠯ ᠢ ᠳᠡᠬᠡᠭᠰᠢᠯᠡᠬᠦᠯᠵᠦ᠂ ᠵᠢᠭᠠᠨ ᠰᠤᠷᠭᠠᠯᠳᠠ ᠶᠢᠨ ᠳᠤᠬᠠᠢ ᠦᠵᠡᠯᠳᠡ ᠤᠢᠢᠯᠠᠭᠠᠯᠳᠠ ᠶᠢ ᠨᠢ ᠬᠤᠪᠢᠷᠠᠭᠤᠯᠵᠤ᠂ ᠵᠢᠭᠠᠨ ᠰᠤᠷᠭᠠᠯᠳᠠ ᠶᠢᠨ ᠠᠷᠭ᠎ᠠ ᠶᠢ ᠰᠠᠶᠢᠵᠢᠷᠠᠭᠤᠯᠬᠤ ᠶᠢᠨ ᠲᠦᠯᠦᠬᠡ ᠬᠦᠬᠡᠬᠤᠳᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠶᠢᠨ ᠵᠢᠭᠠᠬᠤ ᠶᠢ ᠰᠤᠳᠤᠯᠬᠤ ᠬᠡᠷ ᠠᠴᠠ ᠪᠦᠬᠦ ᠬᠤᠳᠠ ᠶᠢᠨ ᠮᠤᠩᠭᠤᠯ ᠬᠡᠯᠡᠨ ᠤ ᠪᠠᠭᠰᠢ ᠨᠠᠷ ᠲᠤ ᠪᠤᠯᠪᠠᠰᠤᠷᠠᠯ ᠬᠢᠭᠰᠡᠨ ᠪᠠᠶᠢᠨ᠎ᠠ᠃      ᠪᠤᠯᠪᠠᠰᠤᠷᠠᠯ ᠢᠶᠠᠨ ᠳᠤᠰᠬᠠᠢ ᠰᠡᠳᠦᠪᠳᠤ ᠢᠯᠡᠳᠬᠡᠯ ᠬᠢᠬᠦ ᠪᠠ ᠵᠢᠭᠠᠨ ᠰᠤᠷᠭᠠᠯᠳᠠ ᠶᠢᠨ ᠳᠤᠬᠠᠢ ᠴᠢᠯᠦᠬᠡᠳᠡᠢ ᠶᠠᠷᠢᠯᠴᠠᠬᠤ ᠬᠡᠯᠪᠡᠷᠢ ᠪᠠᠷ ᠶᠠᠪᠤᠭᠳᠠᠭᠤᠯᠵᠤ᠂ ᠮᠣᠩᠭᠤᠯ ᠬᠡᠯᠡ ᠪᠢᠴᠢᠭ ᠤᠨ ᠪᠠᠭᠰᠢ ᠨᠠᠷ ᠢ ᠵᠤᠷᠢᠭᠵᠢᠭᠤᠯᠤᠨ ᠤᠷᠮᠠᠰᠢᠭᠤᠯᠵᠤ᠂ ᠮᠤᠩᠭᠤᠯ ᠬᠡᠯᠡ ᠪᠠᠷ ᠰᠤᠷᠤᠭᠰᠠᠨ ᠬᠦᠮᠦᠰ‌‍ᠴᠦ ᠠᠯᠤᠰ ᠰᠠᠶᠢᠬᠠᠨ ᠢᠷᠡᠬᠡᠳᠦᠢ ᠲᠠᠢ ᠭᠡᠭᠰᠡᠨ ᠢ ᠪᠠᠭᠰᠢ ᠲᠤ ᠮᠡᠳᠡᠭᠦᠯᠵᠦ ᠳᠠᠨᠢᠭᠤᠯᠬᠤ ᠵᠣᠷᠢᠯᠭ᠎ᠠ ᠪᠠᠷ ᠪᠡᠬᠡᠵᠢᠩ ᠶᠡᠭᠡ ᠰᠤᠷᠭᠠᠭᠤᠯᠢ ᠶᠢᠨ ᠫᠷᠦᠹᠧᠰᠰᠤᠷ ᠳᠤᠯᠠᠭᠠᠨ ᠢ ᠤᠷᠢᠵᠤ ᠢᠯᠡᠳᠬᠡᠯ ᠬᠢᠯᠬᠡᠵᠡᠢ᠃ ᠳᠤᠯᠠᠭᠠᠨ ᠫᠷᠣᠹᠧᠰᠰᠣᠷ ︽ᠮᠣᠩᠭᠤᠯ ᠬᠡᠯᠡᠨ ᠤ ᠰᠤᠷᠭᠠᠨ ᠬᠦᠮᠦᠵᠢᠯ ᠪᠠ ᠦᠨᠳᠦᠰᠦᠲᠡᠨ ᠤ ᠬᠥᠭᠵᠢᠯ︾ ᠬᠡᠬᠦ ᠰᠡᠳᠦᠪ ᠢᠶᠠᠷ᠂ ᠮᠤᠩᠭᠤᠯ ᠢᠶᠠᠷ ᠰᠤᠷᠤᠯᠴᠠᠵᠤ ᠠᠵᠢᠯᠯᠠᠭᠰᠠᠨ ᠦᠩᠬᠡᠷᠡᠯᠳᠡ ᠵᠢᠴᠢ ᠡᠷᠳᠡᠮ ᠰᠢᠨᠵᠢᠯᠡᠭᠡᠨ ᠤ ᠳᠤᠬᠠᠢ ᠠᠮᠵᠢᠯᠳᠠ ᠶᠢᠨ ᠢᠶᠠᠨ ᠳᠤᠬᠠᠢ ᠬᠤᠪᠢᠶᠠᠯᠴᠠᠵᠠᠢ᠃ ᠳᠤᠮᠳᠠ ᠪᠠᠭ᠎ᠠ ᠰᠤᠷᠭᠠᠭᠤᠯᠢ ᠶᠢᠨ ᠮᠣᠩᠭᠤᠯ ᠬᠡᠯᠡᠨ ᠤ ᠪᠠᠭᠰᠢ ᠨᠠᠷ ᠠᠴᠠ ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ ᠶᠢᠨ ᠵᠢᠭᠠᠨ ᠰᠤᠷᠭᠠᠯᠲᠠ ᠳᠤ ᠣᠷᠣᠰᠢᠵᠤ ᠪᠠᠶᠢᠬᠤ ᠠᠰᠠᠭᠤᠳᠠᠯ ᠪᠠ ᠬᠦᠴᠢᠷᠳᠡᠯ ᠵᠢᠴᠢ ᠠᠰᠠᠭᠤᠳᠠᠯ ᠢᠶᠠᠨ ᠬᠡᠷᠬᠢᠨ ᠰᠠᠶᠢᠳᠤᠷ ᠰᠢᠢᠳᠪᠦᠷᠢᠯᠡᠬᠦ᠂ ᠡᠯ᠎ᠡ ᠱᠠᠲᠤᠨ ᠤ ᠵᠢᠭᠠᠨ ᠰᠤᠷᠭᠠᠯᠳᠠ ᠶᠢ ᠬᠤᠭᠤᠷᠣᠨᠳᠤ ᠨᠢ ᠬᠡᠷᠬᠢᠨ ᠠᠪᠴᠠᠯᠳᠤᠭᠤᠯᠬᠤ ᠵᠣᠯᠭᠠᠭᠤᠯᠬᠤ ᠲᠤᠬᠠᠢ ᠰᠠᠨᠠᠯ ᠪᠣᠳᠣᠯ ᠢᠶᠠᠨ ᠰᠣᠯᠢᠯᠴᠠᠵᠠᠢ᠃      ᠡᠨᠡ ᠤᠳᠠᠭ᠎ᠠ ᠶᠢᠨ ᠪᠤᠯᠪᠠᠰᠤᠷᠠᠯ ᠳᠤ ᠪᠦᠬᠦ ᠬᠤᠳᠠ ᠶᠢᠨ ᠮᠤᠩᠭᠤᠯ ᠰᠤᠷᠭᠠᠭᠤᠯᠢ ᠶᠢᠨ ᠮᠤᠩᠭᠤᠯ ᠬᠡᠯᠡᠨ ᠤ ᠪᠠᠭᠰᠢ᠂ ᠮᠤᠩᠭᠤᠯ ᠬᠡᠯᠡ ᠶᠢ ᠨᠡᠮᠡᠵᠦ ᠰᠤᠷᠬᠤ ᠰᠤᠷᠭᠠᠭᠤᠯᠢ ᠶᠢᠨ ᠮᠤᠩᠭᠤᠯ ᠬᠡᠯᠡᠨ ᠤ ᠪᠠᠭᠰᠢ᠂ ᠬᠤᠳᠠ ᠬᠤᠰᠢᠭᠤ ᠰᠢᠶᠠᠨ ᠤ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠰᠤᠳᠤᠯᠤᠭᠴᠢ ᠨᠠᠷ ᠨᠡᠶᠢᠳᠡ 200ᠭᠠᠷᠤᠢ ᠬᠥᠮᠥᠰ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号