ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠨᠠᠷᠠᠨᠳᠤᠩᠭᠠᠯᠠᠭ︶ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ | 2019 ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 11 ᠰᠠᠷ᠎ᠠ ᠶᠢᠨ 29 ᠤ ᠡᠳᠦᠷ ᠠᠴᠠ 12 | ᠰᠠᠷ᠎ᠠ ᠶᠢᠨ 1 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠨ᠎ᠠ᠃ | 30 ᠭᠠᠷᠤᠶ ᠤᠯᠤᠰ ᠤᠨ ᠠᠳᠤᠭᠤᠨ ᠤ ᠦᠢᠯᠡᠰ ᠤᠨ ᠡᠷᠬᠡ ᠰᠦᠷᠲᠦ ᠪᠠᠶᠢᠭᠤᠯᠤᠮᠵᠢ ᠠᠴᠠ ᠬᠦᠷᠦᠯᠴᠡᠨ | ᠢᠷᠡᠬᠦ ᠠᠵᠢᠯ ᠲᠥᠷᠥᠯ ᠤᠨ ᠤᠳᠤᠷᠢᠳᠤᠯᠭ᠎ᠠ ᠵᠢᠴᠢ ᠡᠷᠬᠡ ᠣᠯᠭᠤᠭᠰᠠᠨ ᠲᠥᠯᠥᠭᠡᠯᠡᠭᠴᠢ ᠪᠣᠯᠤᠨ ᠳᠤᠮᠳᠠᠳᠤ | ᠤᠯᠤᠰ ᠤᠨ ᠠᠳᠤᠭᠤᠨ ᠤ ᠦᠢᠯᠡᠰ ᠤᠨ ᠡᠷᠳᠡᠮᠲᠡᠨ ᠴᠢᠳᠠᠪᠤᠷᠢᠲᠠᠨ ᠨᠠᠷ ︽ᠳᠤᠮᠳᠠᠳᠤ ᠤᠯᠤᠰ ᠤᠨ ᠠᠳᠤᠭᠤᠨ | ᠰᠣᠶᠣᠯ ᠬᠢᠭᠡᠳ ᠳᠡᠯᠡᠬᠡᠶ ᠶᠢᠨ ᠠᠳᠤᠭᠤᠨ ᠰᠣᠶᠣᠯ︾ ᠢᠶᠠᠷ ᠭᠤᠤᠯ ᠰᠡᠳᠦᠪ ᠪᠣᠯᠭᠠᠨ᠂ ᠪᠣᠯᠪᠠᠰᠤᠨ ᠤ ᠲᠤᠬᠠᠶ | ᠶᠠᠷᠢᠯᠴᠠᠭ᠎ᠠ᠂ ᠢᠷᠡᠭᠡᠳᠦᠢ ᠶᠢᠨ ᠲᠤᠬᠠᠢ ᠶᠠᠷᠢᠯᠴᠠᠭ᠎ᠠ᠂ ᠳᠡᠯᠡᠬᠡᠶ ᠶᠢᠷᠲᠢᠨᠴᠦ ᠶᠢᠨ ᠲᠤᠬᠠᠶ ᠶᠠᠷᠢᠯᠴᠠᠭ᠎ᠠ ᠦᠷᠨᠢᠭᠦᠯᠬᠦ | ᠶᠢᠨ ᠬᠠᠮᠳᠦ ᠠᠳᠤᠭᠤᠨ ᠰᠣᠶᠣᠯ ᠤᠨ ᠣᠯᠠᠨ ᠶᠠᠩᠵᠤᠲᠤ ᠴᠢᠨᠠᠷ᠂ ᠮᠣᠩᠭᠤᠯ ᠮᠣᠷᠢᠨ ᠤ ᠵᠣᠷᠢᠭ ᠰᠠᠨᠠᠭᠠᠨ ᠤ | ᠳᠡᠯᠡᠬᠡᠶ ᠶᠢᠨ ᠠᠴᠢ ᠬᠤᠯᠪᠣᠭᠳᠠᠯ᠂ ᠠᠳᠤᠭᠤᠨ ᠰᠣᠶᠣᠯ ᠬᠢᠭᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠠᠯ | ᠬᠥᠭᠵᠢᠯᠲᠡ ᠪᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠠᠳᠤᠭᠤᠨ ᠤ ᠠᠵᠤ ᠦᠢᠯᠡᠰ ᠵᠡᠷᠭᠡ ᠶᠢᠨ | ᠲᠤᠭᠤᠷᠢᠨ ᠳᠤ ᠴᠢᠯᠦᠭᠡᠲᠠᠢ ᠶᠠᠷᠢᠯᠴᠠᠭ᠎ᠠ ᠦᠷᠨᠢᠬᠦᠯᠬᠦ ᠪᠣᠯᠣᠨ᠎ᠠ᠃ | ᠠᠳᠤᠭᠤᠨ ᠰᠣᠶᠣᠯ ᠤᠨ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠠᠳᠤᠭᠤᠨ ᠰᠣᠶᠣᠯ ᠤᠨ ᠡᠬᠢ | ᠰᠤᠷᠪᠤᠯᠵᠢ ᠲᠠᠢ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠯᠤᠰ ᠢᠷᠡᠭᠡᠳᠦᠢ ᠲᠠᠢ ᠥᠪᠥᠷ ᠮᠣᠩᠭᠤᠯ | ᠲᠠᠵᠢᠬᠡᠵᠤ ᠪᠠᠶᠢᠭ᠎ᠠ ᠠᠳᠤᠭᠤᠨ ᠤ ᠲᠤᠭ᠎ᠠ ᠬᠡᠮᠵᠢᠶ᠎ᠡ ᠪᠠᠷ ᠪᠦᠬᠦ ᠤᠯᠤᠰ ᠤᠨ ᠲᠡᠷᠢᠭᠦᠨ ᠳᠤ ᠣᠷᠣᠵᠤ᠂ ᠳᠡᠯᠡᠬᠡᠶ | ᠨᠡᠶᠢᠲᠡ ᠳᠤ ᠮᠡᠳᠡᠷᠡᠭᠳᠡᠭᠰᠡᠨ ᠤᠳᠤ ᠦᠶ᠎ᠡ ᠶᠢᠨ ᠠᠳᠤᠭᠤᠨ ᠤ ᠲᠥᠷᠥᠯ ᠵᠦᠢᠯ ᠤᠨ ᠡᠭᠦᠰᠦᠯ ᠤᠨ ᠭᠠᠵᠠᠷ ᠪᠣᠯᠬᠤ | ᠶᠤᠮ᠃ ᠬᠦᠬᠡᠬᠤᠲᠠ ᠨᠢᠭᠡᠨᠲᠡ ᠠᠽᠢᠶ᠎ᠠ ᠲᠢᠪ ᠤᠨ ᠬᠡᠪᠴᠢᠶ᠎ᠡ ᠪᠠᠷ ᠬᠠᠮᠤᠭ ᠤᠨ ᠶᠡᠭᠡ ᠮᠣᠷᠢᠨ ᠣᠷᠣᠯᠳᠤᠭᠠᠨ ᠤ | ᠲᠠᠯᠠᠪᠠᠢ ᠶᠢ ᠪᠦᠳᠦᠬᠡᠨ ᠪᠠᠶᠢᠭᠤᠯᠵᠤ᠂ ᠣᠳᠣᠬᠠᠨ ᠳᠤ ᠥᠪᠥᠷ ᠮᠣᠩᠭᠤᠯ ᠤᠨ ᠠᠳᠤᠭᠤᠨ ᠤ ᠭᠤᠤᠯ ᠰᠡᠳᠦᠪᠲᠦ | ᠣᠯᠠᠨ ᠡᠰᠢᠲᠦ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠰᠡᠯᠡᠭᠦᠴᠡᠯ ᠤᠨ ᠲᠥᠷᠥᠯ ᠵᠦᠢᠯ ᠨᠢᠭᠡᠨᠲᠡ ᠮᠠᠰᠢ | ᠬᠥᠭᠵᠢᠶᠡᠨᠲᠡᠶ ᠪᠣᠯᠵᠠᠢ᠃ | ᠲᠤᠰ ᠤᠳᠠᠭ᠎ᠠ ᠶᠢᠨ ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ ᠨᠢ ᠠᠳᠤᠭᠤ ᠶᠢᠨ | ᠲᠤᠬᠠᠢ ᠳᠡᠯᠡᠬᠡᠶ ᠶᠢᠨ ᠰᠢᠯᠢᠳᠡᠭ ᠰᠠᠶᠢᠨ ᠪᠣᠯᠪᠠᠰᠤᠨ ᠵᠢᠴᠢ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ | ᠠᠳᠤᠭᠤᠨ ᠰᠣᠶᠣᠯ ᠢ ᠲᠥᠪᠯᠡᠷᠡᠭᠦᠯᠦᠨ ᠲᠠᠶᠢᠯᠪᠤᠷᠢᠯᠠᠵᠤ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠠᠳᠤᠭᠤᠨ | ᠰᠣᠶᠣᠯ ᠤᠨ ᠦᠯᠢᠭᠡᠷ ᠵᠢᠴᠢ ᠳᠤᠮᠳᠠᠳᠤ ᠤᠯᠤᠰ ᠤᠨ ᠠᠳᠤᠭᠤᠨ ᠰᠣᠶᠣᠯ ᠤᠨ ᠳᠡᠯᠡᠬᠡᠶ ᠳ᠋ᠠᠬᠢᠨ ᠳᠠᠬᠢ ᠨᠦᠯᠦᠭᠡ | ᠲᠤᠰᠬᠠᠯ ᠵᠡᠷᠬᠡ ᠶᠢ ᠭᠤᠤᠯᠴᠢᠯᠠᠨ ᠶᠠᠷᠢᠬᠤ ᠪᠣᠯᠣᠨ᠎ᠠ᠃ |