ᠬᠠᠬᠢᠷ ᠡᠪᠦᠯ ᠤᠨ ᠬᠠᠯᠠᠭᠤᠨ ᠰᠡᠳᠬᠢᠯ
ᠨᠡᠶᠢᠲᠡᠯᠡᠭᠰᠡᠨ ᠴᠠᠭ᠄
2019-11-27
     11 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠢᠯᠢ ᠪᠦᠯᠦᠭᠯᠡᠯ  ᠲᠠᠢ ᠬᠠᠮᠲᠤᠷᠠᠨ ᠥᠷᠨᠢᠭᠦᠯᠦᠭᠰᠡᠨ ︽ᠬᠠᠶᠢᠷ᠎ᠠ ᠳᠡᠷᠭᠡᠳᠡ ᠴᠢᠨᠢ ᠪᠤᠢ᠂ ᠬᠠᠯᠠᠭᠤᠨ ᠰᠡᠳᠬᠢᠯ ᠢᠶᠠᠷ ᠰᠤᠷᠭᠠᠨ ᠬᠥᠮᠥᠵᠢᠯ ᠢ ᠳᠡᠮᠵᠢᠬᠦ︾ 38 ᠳ᠋ᠤᠭᠠᠷ ᠲᠠᠯᠠᠪᠠᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠳᠡᠷᠡᠰᠦᠲᠦ ᠭᠤᠤᠯ ᠰᠤᠷᠭᠠᠭᠤᠯᠢ ᠳᠤ  ᠶᠠᠪᠤᠭᠳᠠᠵᠤ᠂ ᠡᠪᠦᠯ ᠴᠠᠭ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠳᠤ ᠪᠠᠰᠠ ᠨᠢᠭᠡ ᠬᠤᠪᠢ ᠬᠠᠯᠠᠭᠤᠨ ᠠᠭᠤᠷ ᠠᠮᠢᠰᠬᠤᠯ ᠨᠡᠮᠡᠷᠢᠯᠡᠪᠡ᠃ ᠬᠥᠬᠡᠬᠤᠲᠠ ᠶᠢᠨ ᠱᠧᠩ ᠯᠢ ᠰᠤᠷᠭᠠᠨ ᠬᠥᠮᠦᠵᠢᠯ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷᠠᠴᠤᠳ ᠲᠣᠰ ᠰᠤᠷᠭᠠᠭᠤᠯᠢ ᠶᠢᠨ 47 ᠰᠤᠷᠤᠭᠴᠢᠳ ᠲᠤ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠤᠷᠠᠨ ᠵᠢᠷᠤᠭ᠂ ᠪᠥᠵᠢᠭ᠂ ᠤᠷᠠᠨ ᠤᠩᠰᠢᠯᠭ᠎ᠠ᠂ ᠺᠠᠷᠲ᠋ᠣᠨ ᠺᠢᠨᠣ᠋ ᠶᠢᠨ ᠬᠥᠭᠵᠢᠯᠲᠡ ᠶᠢᠨ ᠲᠡᠤᠬᠡ ᠵᠡᠷᠭᠡ‌ᠠᠮᠢᠳᠤᠯᠢᠭ ᠰᠠᠶᠢᠬᠠᠨ ᠬᠢᠴᠢᠶᠡᠯ ᠪᠡᠯᠡᠳᠬᠡᠵᠦ ᠥᠭᠭᠦᠭᠰᠡᠨ ᠪᠥᠭᠡᠳ ᠬᠡᠤᠬᠡᠳ ᠤᠳ ᠲᠤ ᠦᠰᠦᠷᠬᠦ ᠳᠡᠭᠡᠰᠦ᠂ ᠤᠰᠤᠨ ᠪᠤᠳᠤᠭ ᠤᠨ ᠪᠢᠷ ᠵᠡᠷᠭᠡ ᠵᠢᠵᠢᠭ ᠪᠡᠯᠡᠭ‌‍ᠪᠡᠯᠭᠡᠯᠡᠵᠦ᠂ ᠬᠡᠤᠬᠡᠳ ᠤᠳ ᠲᠤ ᠳᠣᠲᠣᠨᠣ ᠬᠠᠶᠢᠷ᠎ᠠ ᠬᠠᠯᠠᠮᠵᠢ ᠬᠦᠷᠭᠡᠵᠡᠶ᠃ ᠵᠢᠷᠤᠭ᠄ ᠬᠡᠦᠬᠡᠳ ᠤᠳ ᠬᠢᠴᠢᠶᠡᠯ ᠳᠡᠭᠡᠷ᠎ᠡ ᠢᠳᠡᠪᠬᠢᠲᠡᠢ ᠭᠠᠷ ᠡᠷᠭᠦᠨ ᠶᠠᠷᠢᠶ᠎ᠠ ᠲᠠᠯᠪᠢᠨ᠎ᠠ᠃ ᠰᠤᠷᠪᠤᠯᠵᠢᠯᠠᠭᠴᠢ ᠰᠢᠤᠢ ᠲᠢᠩ ᠰᠡᠭᠦᠳᠡᠷᠯᠡᠨ ᠮᠡᠳᠡᠭᠡᠯᠡᠪᠡ  
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号