11 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠲᠠ ᠶᠢᠨ ᠳᠠᠷᠤᠭ᠎ᠠ ᠹᠧᠩ ᠢᠦᠶ ᠵᠧᠨ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ | ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠰᠢᠨ᠎ᠡ | ᠬᠤᠲᠠ ᠶᠢᠨ ᠲᠣᠭᠤᠷᠢᠭ ᠲᠤ ᠭᠦᠨᠵᠡᠭᠡᠶᠢᠷᠡᠨ ᠨᠡᠭᠦᠷᠡᠰᠦ ᠴᠡᠪᠡᠷᠰᠢᠭᠦᠯᠦᠨ ᠰᠤᠯᠢᠬᠤ ᠪᠣᠯᠤᠨ ᠲᠠᠷᠠᠬᠠᠶ ᠨᠡᠭᠦᠷᠡᠰᠦ | ᠬᠠᠮᠢᠶᠠᠷᠤᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ | ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠹᠧᠩ ᠢᠦᠶ ᠵᠧᠨ ᠨᠡᠷ ᠤᠷᠢᠳ ᠬᠤᠵᠢᠳ ᠤᠯᠤᠰ ᠤᠨ ᠵᠠᠮ 110 ᠱᠤᠭᠤᠮ ᠳᠠᠭᠠᠤ ᠶᠢᠨ ᠠᠷᠢᠭᠤᠨ ᠴᠡᠪᠡᠷ | ᠨᠡᠭᠦᠷᠡᠰᠦ ᠪᠣᠷᠣᠯᠠᠭᠤᠯᠬᠤ ᠰᠣᠯᠢᠬᠤ ᠭᠠᠵᠠᠷ᠂ ᠲᠦᠭᠦᠬᠡᠶ ᠨᠡᠭᠦᠷᠡᠰᠦ ᠶᠢ ᠪᠠᠶᠢᠴᠠᠭᠠᠨ ᠬᠤᠷᠢᠶᠠᠬᠤ ᠭᠠᠵᠠᠷ᠂ | ᠨᠡᠭᠦᠷᠡᠰᠦ ᠶᠢ ᠴᠠᠬᠢᠯᠭᠠᠨ ᠪᠤᠯᠠᠭᠠᠨ ᠦᠭᠡᠷᠡᠴᠢᠯᠡᠬᠦ ᠲᠤᠷᠰᠢᠯᠲᠠ ᠶᠢᠨ ᠭᠠᠵᠠᠷ ᠪᠣᠯᠤᠨ ᠤᠯᠠᠭᠠᠨᠴᠠᠪ ᠲᠣᠰᠬᠤᠨ᠂ ᠳ᠋ᠠᠶ | ᠵᠧᠤ ᠠᠶᠢᠯ ᠲᠣᠰᠬᠤᠨ ᠤ ᠠᠷᠢᠭᠤᠨ ᠴᠡᠪᠡᠷ ᠢ ᠨᠡᠭᠦᠷᠡᠰᠦ ᠴᠡᠪᠡᠷᠰᠢᠭᠦᠯᠦᠨ ᠰᠤᠯᠢᠬᠤ ᠠᠵᠢᠯ ᠢ ᠪᠠᠶᠢᠴᠠᠭᠠᠨ ᠰᠤᠳᠤᠯᠵᠤ | ᠂ ᠱᠧ ᠵᠢᠶᠠᠨ ᠰᠢᠨ ᠢᠯᠴᠢ ᠶᠢᠨ ᠬᠦᠴᠦᠨ ᠤ ᠺᠣᠮᠫᠠᠨᠢ ᠶᠢᠨ ᠨᠡᠭᠦᠷᠡᠰᠦ ᠶᠢ ᠬᠡᠢ ᠪᠤᠯᠠᠭᠠᠨ ᠦᠭᠡᠷᠡᠴᠢᠯᠡᠬᠦ ᠠᠵᠢᠯ ᠤᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠤᠬᠠᠶ ᠶᠢᠨ ᠲᠠᠯᠠᠪᠠᠢ ᠶᠢᠨ ᠠᠵᠢᠯ ᠤᠨ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠭᠤᠤᠯ ᠠᠷᠭ᠎ᠠ ᠬᠢᠳᠡᠯ ᠪᠠ | ᠲᠤᠷᠰᠢᠯᠭ᠎ᠠ ᠪᠠᠨ ᠲᠠᠨᠢᠯᠴᠠᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ | ᠰᠠᠶᠢᠲᠤᠷ ᠬᠢᠵᠦ᠂ ᠦᠷ᠎ᠡ ᠪᠦᠲᠦᠮᠵᠢ ᠭᠠᠷᠭᠠᠵᠤ᠂ ᠰᠡᠳᠭᠢᠯ ᠳᠤᠯᠠᠭᠠᠯᠠᠬᠤ ᠨᠡᠭᠦᠷᠡᠰᠦ ᠶᠢ ᠡᠷᠦᠬᠡ ᠪᠦᠷᠢ ᠳᠤ | ᠬᠦᠷᠭᠡᠵᠦ᠂ ᠰᠢᠨ᠎ᠡ ᠰᠣᠷᠭᠤᠭ ᠠᠭᠠᠷ ᠢ ᠠᠷᠠᠳ ᠣᠯᠠᠨ ᠤ ᠰᠡᠳᠬᠢᠯ ᠳᠤ ᠬᠦᠷᠭᠡᠵᠦ᠂ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠪᠠ᠃ | ᠹᠧᠩ ᠢᠦᠶ ᠵᠧᠨ ᠵᠢᠭᠠᠵᠤ ᠭᠠᠷᠭᠠᠭᠰᠠᠨ ᠨᠢ᠂ ᠨᠡᠭᠦᠷᠡᠰᠦ ᠴᠡᠪᠡᠷᠰᠢᠭᠦᠯᠦᠨ ᠰᠤᠯᠢᠬᠤ ᠨᠢ ᠲᠦᠭ ᠲᠦᠮᠡᠨ | ᠠᠶᠢᠯ ᠡᠷᠦᠬᠡ ᠲᠠᠢ ᠬᠤᠯᠪᠣᠭᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠨᠡ ᠬᠦ ᠠᠵᠢᠯ ᠤᠨ ᠬᠦᠴᠢᠷ | ᠠᠰᠠᠭᠤᠳᠠᠯ᠂ ᠵᠠᠩᠭᠢᠯᠠᠭ᠎ᠠ ᠶᠢᠨ ᠴᠡᠭ ᠪᠣᠯᠤᠨ ᠭᠤᠤᠯᠳᠠᠯᠭ᠎ᠠ ᠶᠢ ᠰᠡᠳᠬᠢᠯ ᠲᠠᠯᠪᠢᠨ ᠰᠤᠳᠤᠯᠵᠤ᠂ ᠠᠳᠠᠯᠢ ᠪᠤᠰᠤ | ᠪᠠᠶᠢᠳᠠᠯ ᠳᠤ ᠴᠢᠭᠯᠡᠭᠦᠯᠦᠨ᠂ ᠠᠳᠠᠯᠢ ᠪᠤᠰᠤ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠦᠨᠡᠨ ᠬᠦ ᠰᠠᠶᠢᠲᠤᠷ ᠬᠢᠵᠦ᠂ | ᠨᠠᠷᠢᠨ ᠨᠢᠮᠪᠠᠶ ᠬᠢᠵᠦ᠂ ᠪᠤᠲᠠᠲᠠᠶᠢᠵᠢᠭᠤᠯᠬᠤ ᠬᠡᠷᠡᠭᠲᠡᠶ᠃ ᠠᠷᠢᠭᠤᠨ ᠴᠡᠪᠡᠷ ᠨᠡᠭᠦᠷᠡᠰᠦ ᠰᠤᠯᠢᠬᠤ ᠬᠡᠪᠴᠢᠶ᠎ᠡ ᠶᠢ | ᠥᠷᠭᠡᠳᠬᠡᠵᠦ᠂ ᠠᠷᠢᠭᠤᠨ ᠴᠡᠪᠡᠷ ᠨᠡᠭᠦᠷᠡᠰᠦ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠰᠢᠨᠵᠢᠯᠡᠬᠦ | ᠤᠬᠠᠭᠠᠨᠴᠢ ᠪᠠᠷ ᠰᠢᠯᠵᠢᠭᠦᠯᠦᠨ ᠲᠣᠬᠢᠷᠠᠭᠤᠯᠬᠤ ᠠᠶᠢᠵᠠᠮ ᠢᠶᠠᠨ ᠡᠵᠡᠮᠳᠡᠬᠦ ᠬᠡᠷᠡᠭᠲᠡᠶ᠃ ᠬᠦᠴᠦ ᠣᠷᠣᠭᠤᠯᠤᠨ ᠨᠢᠭᠡ | ᠭᠡᠷ ᠨᠢᠭᠡ ᠡᠷᠦᠭᠡ ᠪᠠᠷ ᠠᠵᠢᠯ ᠬᠢᠵᠦ᠂ ᠤᠬᠠᠭᠤᠯᠬᠤ᠂ ᠰᠤᠷᠭᠠᠨ ᠬᠥᠮᠦᠵᠢᠭᠦᠯᠬᠦ᠂ ᠣᠯᠠᠨ ᠲᠦᠮᠡᠨ ᠢ ᠳᠠᠶᠢᠴᠢᠯᠠᠬᠤ | ᠡᠷᠴᠢᠮ ᠢᠶᠠᠨ ᠴᠢᠩᠭᠠᠷᠠᠭᠤᠯᠵᠤ᠂ ᠠᠷᠢᠭᠤᠨ ᠴᠡᠪᠡᠷ ᠨᠡᠭᠦᠷᠡᠰᠦ ᠬᠡᠷᠡᠭᠯᠡᠬᠦ ᠶᠢᠨ ᠴᠢᠬᠤᠯᠠ ᠴᠢᠨᠠᠷ ᠢ ᠠᠷᠠᠳ | ᠢᠷᠭᠡᠳ ᠲᠤ ᠭᠦᠢᠴᠡᠳ ᠲᠠᠨᠢᠭᠤᠯᠵᠤ᠂ ᠨᠡᠭᠦᠷᠡᠰᠦ ᠴᠡᠪᠡᠷᠰᠢᠭᠦᠯᠦᠨ ᠰᠤᠯᠢᠬᠤ ᠪᠠ ᠲᠠᠷᠠᠬᠠᠶ ᠨᠡᠭᠦᠷᠡᠰᠦ ᠶᠢ | ᠬᠠᠮᠢᠶᠠᠷᠤᠨ ᠡᠵᠡᠮᠳᠡᠬᠦ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠪᠡ᠃ | | | | | | | | |