︵ᠰᠤᠷᠪᠤᠯᠵᠢᠯᠠᠭᠴᠢ ᠯᠢᠦᠶ ᠬᠤᠢ ᠱᠧᠩ︶ 11 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ | ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ ᠭᠠᠩ | ᠪᠥᠬᠡ ᠦᠴᠤᠸᠠᠨ ᠰᠢᠶᠠᠨ ᠤ ᠬᠠᠷᠠᠭᠤᠯ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠠᠷᠠᠭᠤᠯ ᠪᠠᠯᠭᠠᠰᠤ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠬᠠᠷᠠᠭᠤᠯ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ | 2019 ᠣᠨ ᠤ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠵᠢᠴᠢ ᠪᠠᠬᠢᠵᠢᠭᠦᠯᠦᠨ ᠳᠡᠭᠡᠭᠰᠢᠯᠡᠭᠦᠯᠬᠦ ᠠᠷᠭ᠎ᠠ | ᠬᠡᠮᠵᠢᠶ᠎ᠡ ᠵᠡᠷᠭᠡ ᠪᠠᠶᠢᠳᠠᠯ ᠢ ᠳᠥᠭᠦᠮ ᠲᠠᠨᠢᠯᠴᠠᠭᠤᠯᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ | ᠶᠢ ᠬᠠᠮᠠᠭᠠᠯᠠᠬᠤ ᠲᠣᠪᠴᠢᠶ᠎ᠠ ᠶᠢᠨ ᠣᠨᠴᠠᠭᠠᠢ ᠴᠠᠭᠳᠠᠭ᠎ᠠ ᠶᠢᠨ ᠰᠠᠯᠪᠤᠷᠢ ᠠᠩᠭᠢ ᠵᠡᠷᠭᠡ ᠳᠠᠭᠠᠭᠠᠴᠢᠯᠠᠨ ᠲᠡᠳᠬᠦᠬᠦ | ᠨᠢᠭᠡᠴᠢ ᠪᠣᠯᠤᠨ ᠶᠦᠩ ᠽᠧ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠺᠣᠮᠫᠠᠨᠢ᠂ ᠳᠤᠮᠳᠠᠳᠤ ᠤᠯᠤᠰ ᠤᠨ | ᠲᠡᠮᠦᠷ ᠵᠠᠮ ᠤᠨ ᠨᠢᠭᠡᠳᠦᠭᠡᠷ ᠲᠣᠪᠴᠢᠶ᠎ᠠ ᠵᠡᠷᠭᠡ ᠬᠠᠪᠰᠤᠷᠤᠨ ᠲᠡᠳᠬᠦᠬᠦ ᠠᠵᠤ ᠠᠬᠤᠶᠢᠯᠠᠯ 2019 ᠣᠨ ᠤ | ᠬᠠᠪᠰᠤᠷᠤᠨ ᠲᠡᠳᠬᠦᠬᠦ ᠠᠵᠢᠯ ᠤᠨ ᠥᠷᠨᠢᠭᠦᠯᠦᠭᠰᠡᠨ ᠪᠠᠶᠢᠳᠠᠯ ᠢᠶᠠᠨ ᠳᠠᠷᠠᠭᠠᠯᠠᠨ ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ 2019 ᠣᠨ ᠳᠤ᠂ ᠬᠠᠷᠠᠭᠤᠯ ᠪᠠᠯᠭᠠᠰᠤ ᠲᠣᠯᠣᠭᠠᠶᠢᠯᠠᠬᠤ ᠠᠵᠤ ᠠᠬᠤᠶᠢᠯᠠᠯ ᠳᠤ | ᠦᠷᠭᠦᠯᠵᠢᠯᠡᠨ ᠬᠤᠪᠢ ᠣᠷᠣᠭᠤᠯᠬᠤ ᠪᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠤᠪᠢᠶᠠᠪᠠ︔ | ᠲᠣᠭᠲᠠᠮᠠᠯ ᠬᠥᠷᠥᠩᠭᠡ ᠶᠢ ᠲᠦᠷᠢᠶᠡᠰᠦᠯᠡᠭᠦᠯᠵᠦ᠂ ᠲᠣᠰᠬᠤᠨ ᠤ ᠨᠡᠶᠢᠲᠡ ᠶᠢᠨ ᠠᠵᠤ ᠠᠬᠤᠶ ᠶᠢ ᠨᠡᠮᠡᠭᠳᠡᠭᠦᠯᠪᠡ︔ | ᠲᠠᠬᠢᠶᠠᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠬᠤᠪᠢ ᠶᠢᠨ ᠣᠷᠣᠯᠭ᠎ᠠ ᠶᠢ | ᠳᠡᠭᠡᠭᠰᠢᠯᠡᠭᠦᠯᠪᠡ︔ᠲᠠᠷᠢᠮᠠᠯ ᠤᠨ ᠦᠢᠯᠡᠰ ᠢᠶᠠᠷ ᠭᠤᠤᠯ ᠪᠣᠯᠭᠠᠭᠰᠠᠨ ᠣᠨᠴᠠᠯᠢᠭᠲᠤ᠂ ᠪᠣᠬᠢᠷᠲᠤᠯ ᠦᠭᠡᠢ᠂ ᠠᠮᠢ | ᠠᠬᠤᠢ ᠶᠢᠨ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠠᠭᠤᠯᠠ ᠶᠢᠨ ᠴᠠᠢ᠂ ᠴᠠᠭᠠᠨ ᠤᠳᠪᠠᠯᠠ ᠪᠠ | ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠵᠢᠴᠢ ᠵᠢᠭᠤᠯᠴᠢᠯᠠᠯ ᠤᠨ ᠦᠢᠯᠡᠰ ᠢ | ᠬᠥᠭᠵᠢᠭᠦᠯᠬᠦ ᠵᠡᠷᠭᠡ ᠲᠠᠯ᠎ᠠ ᠪᠠᠷ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠠᠲᠤᠳᠬᠠᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠪᠡ᠃ ᠣᠳᠣᠬᠠᠨ ᠳᠤ ᠪᠦᠬᠦ ᠪᠠᠯᠭᠠᠰᠤ ᠶᠢᠨ 497 ᠡᠷᠦᠬᠡ 948 | ᠬᠥᠮᠦᠨ ᠶᠠᠳᠠᠭᠤ ᠠᠴᠠ ᠠᠩᠭᠢᠵᠢᠷᠠᠵᠤ᠂ᠶᠠᠳᠠᠭᠤ ᠬᠦᠴᠢᠷᠳᠡᠯᠲᠡᠶ ᠡᠷᠦᠬᠡ ᠪᠦᠬᠦᠨ ᠢᠶᠠᠷ ᠢᠶᠠᠨ ᠶᠠᠳᠠᠭᠤ ᠠᠴᠠ | ᠠᠩᠭᠢᠵᠢᠷᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠨᠢᠭᠡ | ᠠᠯᠬᠤᠮ ᠯᠠᠪᠳᠠᠭᠤᠨ ᠪᠠᠲᠤᠲᠠᠶ ᠠᠬᠢᠭᠤᠯᠪᠠ᠃ | ᠭᠠᠩ ᠪᠥᠬᠡ ᠱᠠᠭᠠᠷᠳᠠᠭᠰᠠᠨ ᠨᠢ᠂ ᠡᠯ᠎ᠡ ᠳᠠᠭᠠᠭᠠᠨ ᠲᠡᠳᠬᠦᠬᠦ ᠨᠢᠭᠡᠴᠢ᠂ ᠬᠠᠪᠰᠤᠷᠤᠨ ᠲᠡᠳᠬᠦᠬᠦ ᠠᠵᠤ ᠠᠬᠤᠶᠢᠯᠠᠯ | ᠪᠣᠯᠤᠨ ᠬᠠᠷᠠᠭᠤᠯ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ | ᠤᠶᠠᠯᠳᠤᠭᠤᠯᠤᠨ᠂ ᠣᠯᠠᠨ ᠲᠦᠮᠡᠨ ᠤ ᠪᠣᠳᠣᠵᠤ ᠪᠠᠶᠢᠭ᠎ᠠ᠂ ᠲᠤᠯᠭᠠᠮᠳᠠᠵᠤ ᠪᠠᠶᠢᠭ᠎ᠠ᠂ ᠬᠦᠰᠡᠵᠦ ᠪᠠᠶᠢᠭ᠎ᠠ | ᠠᠰᠠᠭᠤᠳᠠᠯ ᠤᠨ ᠲᠣᠭᠤᠷᠢᠨ ᠳᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠡᠨ | ᠶᠠᠳᠠᠭᠤ ᠶᠢ ᠰᠤᠷᠪᠤᠯᠵᠢᠯᠠᠵᠤ᠂ ᠦᠨᠡᠨ ᠶᠠᠳᠠᠭᠤ ᠶᠢ ᠲᠡᠳᠬᠦᠵᠦ᠂ ᠶᠠᠳᠠᠭᠤ ᠶᠢ ᠦᠨᠡᠨ ᠲᠡᠳᠬᠦᠵᠦ᠂ ᠨᠢᠭᠡ ᠡᠷᠦᠬᠡ | ᠳᠤ ᠨᠢᠭᠡ ᠪᠣᠳᠣᠯᠭ᠎ᠠ ᠠᠪᠬᠤ ᠵᠡᠷᠭᠡ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠠᠵᠢᠯ ᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠭᠡᠵᠡᠢ᠃ |