| | | 11 ᠳ᠋ᠦ᠋ᠭᠡᠷ ᠰᠠᠷ᠎ᠠ ᠶᠢᠨ 28 ᠤ ᠣᠷᠣᠢ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠥᠬᠡᠬᠤᠲᠠ ᠶᠢᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠬᠡᠬᠤᠲᠠ ᠶᠢᠨ ᠪᠣᠯᠪᠠᠰᠤᠨ ᠤ ᠠᠯᠪᠠᠨ ᠭᠡᠷ ᠠᠴᠠ | ᠳᠠᠭᠠᠭᠠᠴᠢᠯᠠᠨ ᠡᠷᠬᠢᠯᠡᠭᠰᠡᠨ ᠨᠠᠢᠮᠠᠳᠤᠭᠠᠷ ᠬᠤᠭᠤᠴᠠᠭᠠᠨ ᠤ ︽ᠬᠠᠮᠤᠭ ᠭᠤᠶᠣ ᠬᠥᠬᠡᠬᠤᠲᠠ ᠶᠢᠨ ᠬᠥᠮᠥᠨ︾ ᠵᠢᠴᠢ | 2018 ᠣᠨ ᠤ ᠬᠥᠬᠡᠬᠤᠲᠠ ᠶᠢᠨ ᠶᠣᠰᠣ ᠮᠣᠷᠠᠯ ᠤᠨ ᠵᠢᠱᠢᠶᠡᠴᠢ ︽ᠪᠣᠯᠪᠠᠰᠤᠨ ᠭᠡᠷ ᠪᠦᠯᠢ︾ ᠶᠢᠨ ᠱᠠᠩᠨᠠᠯ | ᠣᠯᠭᠤᠬᠤ ᠶᠣᠰᠣᠯᠠᠯ ᠬᠥᠬᠡᠬᠤᠲᠠ ᠶᠢᠨ ᠷᠠᠳᠢᠤ᠋ ᠲᠧᠯᠸᠢᠰ ᠬᠤᠷᠢᠶᠠᠨ ᠤ 800 ᠮᠧᠲᠷ ᠤᠨ ᠨᠡᠪᠲᠡᠷᠡᠭᠦᠯᠬᠦ | ᠲᠠᠩᠬᠢᠮ ᠳᠤ ᠶᠠᠪᠤᠭᠳᠠᠪᠠ᠃ ᠲᠤᠰ ᠬᠤᠭᠤᠴᠠᠭᠠᠨ ᠤ ︽ᠬᠠᠮᠤᠭ ᠭᠤᠶᠣ ᠬᠥᠬᠡᠬᠤᠲᠠ ᠶᠢᠨ ᠬᠥᠮᠥᠨ︾ ᠳᠤ ᠨᠡᠶᠢᠲᠡ | 30 ᠶᠣᠰᠣ ᠮᠣᠷᠠᠯ ᠤᠨ ᠵᠢᠱᠢᠶᠡᠴᠢ ᠂ 10 ᠨᠡᠷ᠎ᠡ ᠳᠤᠷᠠᠳᠤᠭᠰᠠᠨ ᠱᠠᠩᠨᠠᠯ ᠂ 10 ︽ᠴᠠᠭ ᠦᠶ᠎ᠡ ᠶᠢᠨ ᠠᠷᠪᠠᠨ ᠶᠡᠭᠡ | ᠰᠢᠨ᠎ᠡ ᠤᠴᠢᠷ︾ ᠂ 10 ︽ᠨᠡᠶᠢᠭᠡᠮ ᠤᠨ ᠪᠤᠶᠠᠨ ᠤ ᠠᠷᠪᠠᠨ ᠶᠡᠭᠡ ᠠᠵᠢᠯᠯᠠᠭ᠎ᠠ︾ ᠂ 10 ︽ᠪᠣᠯᠪᠠᠰᠤᠨ ᠭᠡᠷ | ᠪᠦᠯᠢ︾ ᠶᠢ ᠰᠢᠯᠭᠠᠷᠠᠭᠤᠯᠤᠨ ᠭᠠᠷᠭᠠᠪᠠ᠃ ᠵᠢᠷᠤᠭ᠄ ᠨᠠᠢᠮᠠᠳᠤᠭᠠᠷ ᠬᠤᠭᠤᠴᠠᠭᠠᠨ ᠤ ︽ᠬᠠᠮᠤᠭ ᠭᠤᠶᠣ | ᠬᠥᠬᠡᠬᠤᠲᠠ ᠶᠢᠨ ᠬᠥᠮᠥᠨ︾ ᠦᠢᠯᠡᠰ ᠢᠶᠠᠨ ᠡᠷᠬᠢᠮᠯᠡᠵᠦ ᠬᠤᠪᠢ ᠪᠠᠨ ᠵᠣᠷᠢᠭᠤᠯᠤᠭᠰᠠᠨ ᠶᠣᠰᠣ ᠮᠣᠷᠠᠯ ᠤᠨ | ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ ᠤᠨ ᠠᠬᠤᠢ ᠲᠠᠯᠠᠪᠠᠢ | ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠹᠧᠩ ᠶᠠᠨ ᠫᠢᠩ ᠮᠡᠳᠡᠭᠡᠯᠡᠵᠦ ᠵᠢᠷᠤᠭ ᠢ | ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ |