ᠰᠢᠨ᠎ᠡ ᠬᠤᠲᠠ ᠲᠣᠭᠤᠷᠢᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠤᠨ ᠲᠤᠷᠰᠢᠯᠲᠠ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2019-11-04
     10 ᠳ᠋ᠤᠭᠠᠷ ᠰᠠᠷ᠎ᠠ ᠶᠢᠨ 30 ᠤ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠤᠨ ᠲᠤᠷᠰᠢᠯᠲᠠ ᠶᠢᠨ ᠠᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠢᠶᠠᠷ ᠲᠤᠭᠲᠠᠭᠠᠬᠤ ᠳᠦᠷᠢᠮ︾ ᠢ ᠬᠡᠷᠡᠭᠵᠢᠭᠦᠯᠬᠦ ᠲᠤᠷᠰᠢᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠬᠤ ᠪᠠ ᠠᠵᠢᠯ ᠤᠨ ᠪᠠᠶᠢᠷᠢᠯᠠᠭᠤᠯᠤᠯᠲᠠ ᠬᠢᠪᠡ᠃     ᠬᠤᠲᠠ ᠶᠢᠨ ᠳᠡᠳ᠋ ᠳᠠᠷᠤᠭ᠎ᠠ᠂ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠦᠨ ᠰᠢᠨ ᠮᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠭᠤᠤ ᠴᠢ ᠳ᠋ᠦᠩ ︽ᠰᠢᠨ᠎ᠡ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠤᠨ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠹᠠᠨ ᡁᠢ ᠵᠦᠩ ᠶᠠᠷᠢᠶ᠎ᠠ ᠲᠠᠯᠪᠢᠪᠠ᠂ ᠬᠤᠷᠠᠯ ᠢ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠰᠢᠶᠣᠤ ᠶᠠᠨ ᠡᠷᠬᠢᠯᠡᠪᠡ᠃
     ᠬᠤᠷᠠᠯ ᠳᠡᠭᠡᠷ᠎ᠡ᠂ ᠬᠠᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠪᠦᠷᠢ 2019 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠤᠨ ᠪᠢᠯᠧᠲ ᠢᠶᠠᠷ ᠲᠤᠭᠲᠠᠭᠠᠬᠤ ᠳᠦᠷᠢᠮ ᠤᠨ ᠠᠵᠢᠯ ᠤᠨ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠴᠢᠬᠤᠯᠠ ᠠᠷᠭ᠎ᠠ ᠬᠡᠮᠵᠢᠶ᠎ᠡ ᠶᠢ ᠭᠦᠨᠵᠡᠭᠡᠶ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠪᠣᠯᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠢᠨ᠎ᠡ ᠬᠤᠲᠠ ᠶᠢᠨ ᠲᠣᠭᠤᠷᠢᠭ ᠤᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠤ᠂ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠣᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ  ᠤᠨ ᠲᠤᠷᠰᠢᠯᠲᠠ ᠶᠢᠨ ᠠᠵᠢᠯ ᠢ ᠦᠷᠨᠢᠭᠦᠯᠦᠭᠰᠡᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠵᠤ︔ ᠤᠯᠤᠰ ᠲᠥᠷᠦ ᠶᠢᠨ ᠵᠤᠭᠰᠣᠯᠲᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠪᠢᠯᠧᠲ ᠢᠶᠠᠷ ᠲᠣᠭᠲᠠᠭᠠᠬᠤ ᠳᠦᠷᠢᠮ ᠤᠨ ᠲᠤᠷᠰᠢᠯᠲᠠ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠣ︔ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠡᠮᠦᠨᠡᠬᠢ ᠬᠤᠭᠤᠴᠠᠭᠠᠨ ᠤ ᠡᠯ᠎ᠡ ᠵᠣᠶᠢᠯ ᠤᠨ ᠠᠵᠢᠯ ᠢᠶᠠᠨ ᠲᠦᠷᠭᠡᠨ ᠠᠬᠢᠭᠤᠯᠵᠤ︔ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ   ᠤᠨ ᠲᠤᠷᠰᠢᠯᠲᠠ ᠶᠢᠨ ᠠᠵᠢᠯ ᠢ ᠦᠨᠡᠨᠬᠦ ᠰᠠᠶᠢᠲᠤᠷ ᠦᠷᠨᠢᠭᠦᠯᠬᠦ ᠬᠡᠷᠡᠭᠲᠡᠢ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠷᠳᠡᠨ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠭᠤᠣᠯᠯᠠᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠣᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠤᠨ ᠠᠵᠢᠯ ᠤᠨ ᠪᠦᠬᠦ ᠶᠠᠪᠤᠴᠠ ᠳᠤ ᠣᠷᠣᠯᠴᠠᠵᠤ᠂ ᠲᠥᠷᠥᠯ ᠵᠤᠶᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠤᠬᠠᠭᠤᠯᠭ᠎ᠠ ᠪᠠᠨ ᠴᠢᠩᠭᠠᠳᠬᠠᠵᠤ᠂ ᠨᠠᠩ ᠣᠯᠠᠨ ᠠᠷᠠᠳ ᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠣᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠲᠠᠭᠠᠬᠤ ᠳᠦᠷᠢᠮ ᠢ ᠲᠠᠨᠢᠭᠤᠯᠤᠨ ᠣᠶᠢᠯᠠᠭᠠᠭᠤᠯᠵᠤ᠂ ᠡᠭᠦᠨ ᠤ ᠤᠯᠠᠮ ᠠᠴᠠ ᠲᠡᠭᠦᠨ ᠳᠤ ᠣᠷᠣᠯᠴᠠᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠲᠦᠷᠦᠯ ᠵᠤᠶᠢᠯ ᠰᠠᠶᠢᠨ ᠬᠢᠭᠰᠡᠨ ᠡᠰᠡᠬᠦ ᠳᠤ ᠣᠯᠠᠨ ᠲᠦᠮᠡᠨ ᠬᠠᠮᠤᠭ ᠠᠴᠠ ᠢᠯᠡᠭᠦᠤ ᠬᠡᠯᠡᠬᠦ ᠡᠷᠬᠡ ᠲᠠᠢ ᠪᠠᠶᠢᠳᠠᠭ᠂᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠰᠠᠨᠠᠭ᠎ᠠ ᠶᠢ ᠣᠶᠢᠯᠭᠠᠨ᠂ ᠠᠷᠠᠳ ᠤᠨ ᠳᠠᠭᠤᠨ ᠢ ᠰᠣᠨᠣᠰᠴᠤ᠂ ᠣᠯᠠᠨ ᠲᠦᠮᠡᠨ ᠪᠣᠯᠤᠨ ᠵᠠᠰᠠᠭ ᠤᠨ ᠣᠷᠳᠣᠨ ᠤ ᠬᠤᠭᠤᠷᠣᠨᠳᠣᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号