ᠶᠦᠨ ᠯᠢᠨ ᠴᠢᠶᠦ᠋ᠩ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠳᠤ ᠭᠦᠨᠵᠡᠭᠡᠶᠢᠷᠡᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-04
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠱᠠᠭᠠᠷᠳᠠᠯᠭ᠎ᠠ ᠶᠣᠰᠣᠭᠠᠷ᠂ 10 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠤᠷᠢᠳ ᠬᠤᠵᠢᠳ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠯᠢᠨ ᠴᠢᠶᠦᠩ ᠨᠡᠷ ᠡᠯ᠎ᠡ ᠰᠠᠯᠠᠭ᠎ᠠ ᠮᠥᠴᠢᠷ ᠤᠨ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠡᠯ᠎ᠡ ᠨᠢᠭᠡᠴᠡ ᠶᠢᠨ ᠠᠵᠢᠯ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠪᠣᠯᠤᠨ ᠵᠢᠯᠣᠭᠤᠳᠬᠤ ᠰᠠᠨᠠᠯ ᠳᠤᠷᠠᠳᠴᠤ᠂ ᠳᠠᠷᠠᠭᠠᠴᠢ ᠶᠢᠨ ᠠᠯᠬᠤᠮ ᠤᠨ ᠭᠤᠤᠯ ᠰᠡᠳᠦᠪᠲᠦ ᠬᠥᠮᠦᠵᠢᠯ ᠤᠨ ᠰᠡᠳᠬᠢᠮᠵᠢ ᠶᠢ ᠲᠣᠳᠣᠷᠬᠠᠢᠯᠠᠵᠠᠢ᠃ ᠶᠦᠨ ᠯᠢᠨ ᠴᠢᠶᠦ᠋ᠩ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠢᠮᠠᠭᠲᠠ ᠪᠠᠲᠤ ᠴᠡᠭᠡᠵᠢᠯᠡᠵᠦ᠂ ᠬᠠᠮᠤᠭ ᠤᠨ ᠴᠢᠩ ᠦᠨᠡᠨᠴᠢ ᠠᠷᠠᠳ ᠤᠨ ᠲᠥᠯᠥᠭᠡ ᠭᠡᠬᠦ ᠰᠡᠳᠬᠢᠯᠭᠡ ᠪᠠᠷ ᠤᠭ ᠰᠠᠨᠠᠭ᠎ᠠ ᠪᠠᠷ ᠢᠶᠠᠨ᠂ ᠠᠷᠠᠳ ᠣᠯᠠᠨ ᠤ ᠬᠡᠷᠡᠭᠴᠡᠭᠡ ᠶᠢ ᠴᠠᠭ ᠢᠮᠠᠭᠲᠠ ᠬᠠᠯᠠᠮᠵᠢᠯᠠᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠶᠦᠨ ᠯᠢᠨ ᠴᠢᠶᠦ᠋ᠩ᠂ ᠨᠢᠭᠡ ᠳᠤ᠂ ᠮᠡᠳᠡᠬᠦ᠂ ᠢᠲᠡᠭᠡᠬᠦ᠂ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠢᠯᠡᠰ ᠪᠣᠰᠬᠠᠬᠤ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠬᠤᠶᠠᠷ ᠲᠤ᠂ ᠡᠭᠦᠷᠭᠡ ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪᠲᠦ ᠬᠥᠮᠦᠵᠢᠯ ᠪᠣᠯᠤᠨ ᠲᠤᠬᠠᠶᠢᠯᠠᠭᠰᠠᠨ ᠠᠵᠢᠯ ᠢ ᠤᠶᠠᠯᠳᠤᠭᠤᠯᠵᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠨ ᠢᠳᠬᠠᠯ ᠢ ᠬᠦᠯᠢᠶᠡᠨ ᠠᠪᠬᠤ ᠂ ᠵᠣᠬᠢᠶᠠᠨ ᠪᠠᠶᠢᠭᠤᠯᠵᠤ ᠤᠳᠤᠷᠢᠳᠬᠤ᠂ ᠲᠥᠷᠥᠯ ᠬᠤᠪᠢᠶᠠᠨ ᠵᠢᠯᠣᠭᠤᠳᠬᠤ᠂ ᠠᠰᠠᠭᠤᠳᠠᠯ ᠢ ᠪᠠᠶᠢᠴᠠᠭᠠᠨ ᠦᠵᠡᠬᠦ᠂ ᠨᠢᠭᠡᠳᠦᠯᠲᠡᠶ ᠳᠤ ᠲᠥᠯᠥᠪᠵᠢᠭᠦᠯᠦᠨ ᠰᠦᠪᠡᠭᠴᠢᠯᠡᠬᠦ ᠶᠢ ᠴᠢᠬᠤᠯᠠᠴᠢᠯᠠᠵᠤ᠂ ᠬᠠᠮᠲᠤᠪᠠᠷ ᠬᠠᠮᠵᠢᠯᠴᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠳᠦᠷᠢᠮ ᠢ ᠪᠠᠶᠢᠭᠤᠯᠵᠤ᠂ ᠰᠠᠶᠢᠨ ᠰᠠᠢᠬᠠᠨ ᠰᠤᠷᠲᠠᠯ ᠢ ᠪᠦᠷᠢᠯᠳᠦᠭᠦᠯᠵᠦ᠂ ᠡᠩᠨᠡᠭᠡᠨ ᠤ ᠪᠠᠶᠢᠭᠤᠯᠤᠯᠲᠠ ᠶᠢ ᠪᠠᠬᠢᠵᠢᠭᠦᠯᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠰᠢᠶᠠᠨ ᠤ ᠤᠳᠤᠷᠢᠳᠤᠯᠭ᠎ᠠ ᠯᠢ ᠯᠢᠦ ᠰᠢᠶᠣᠤ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号