10 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ﹇2019﹈ 26 | ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠳᠡᠭᠡᠷ᠎ᠡ ︽ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠬᠤ ᠪᠠ ᠵᠠᠳᠠᠭᠠᠶ ᠰᠢᠲᠠᠭᠠᠬᠤ ᠶᠢ ᠴᠠᠭᠠᠵᠠᠯᠠᠬᠤ ᠲᠤᠬᠠᠶ ᠰᠢᠢᠳᠪᠦᠷᠢ︾ ᠶᠢ ᠬᠢᠨᠠᠨ | ᠵᠦᠪᠯᠡᠬᠦ ᠶᠢᠨ ᠬᠠᠮᠳᠤ ᠵᠠᠷᠴᠢᠮ ᠳᠡᠭᠡᠷ᠎ᠡ ᠪᠠᠨ ᠪᠠᠲᠤᠯᠠᠵᠤ᠂ ᠲᠠᠷᠢᠮᠠᠯ ᠤᠨ ᠡᠰᠢ ᠰᠦᠷᠡᠯ ᠢ ᠵᠠᠳᠠᠭᠠᠢ ᠰᠢᠲᠠᠭᠠᠭᠰᠠᠨ | ᠦᠢᠯᠡ ᠠᠵᠢᠯᠯᠠᠭ᠎ᠠ ᠶᠢ ᠲᠣᠷᠭᠠᠬᠤ ᠪᠠᠷ ᠲᠣᠭᠲᠠᠪᠠ᠃ | ︽ᠰᠢᠢᠳᠪᠦᠷᠢ︾ ᠳᠤ ᠵᠢᠭᠠᠭᠰᠠᠨ ᠨᠢ᠂ ᠲᠤᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷ᠎ᠠ | ᠪᠦᠬᠦ ᠵᠢᠯ ᠢᠶᠠᠷ ᠪᠦᠬᠦ ᠬᠡᠪᠴᠢᠶᠡᠨ ᠳᠤ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠲᠠᠷᠢᠮᠠᠯ ᠤᠨ ᠡᠰᠢ | ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠵᠤ᠂ ᠲᠣᠭᠲᠠᠭᠠᠯ ᠢ ᠵᠥᠷᠢᠴᠡᠨ ᠡᠰᠢ ᠰᠦᠷᠡᠯ ᠰᠢᠲᠠᠭᠠᠭᠰᠠᠨ | ᠪᠠᠶᠢᠭᠤᠯᠭ᠎ᠠ ᠨᠢᠭᠡᠴᠡ ᠪᠠ ᠬᠠᠷᠢᠭᠤᠴᠠᠬᠤ ᠬᠥᠮᠥᠨ ᠠᠴᠠ ︽ᠬᠥᠬᠡᠬᠤᠲᠠ ᠶᠢᠨ ᠡᠰᠢ ᠰᠦᠷᠡᠯ ᠢ ᠵᠠᠳᠠᠭᠠᠢ | ᠰᠢᠲᠠᠭᠠᠬᠤ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠨ᠎ᠡ᠃ ᠡᠰᠢ ᠰᠦᠷᠡᠯ ᠢ ᠵᠠᠳᠠᠭᠠᠢ ᠰᠢᠲᠠᠭᠠᠵᠤ ᠤᠲᠤᠭ᠎ᠠ ᠲᠣᠭᠤᠰᠣ ᠶᠢᠨ | ᠪᠣᠬᠢᠷᠳᠤᠯ ᠡᠭᠦᠰᠬᠡᠭᠰᠡᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ︾ ᠶᠢ ᠦᠨᠳᠦᠰᠦᠯᠡᠨ᠂ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠲᠠᠪᠤᠨ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ | ᠲᠥᠭᠦᠷᠢᠭ ᠠᠴᠠ ᠳᠣᠷᠣᠭᠰᠢ ᠪᠠᠷᠢᠮᠵᠢᠶ᠎ᠠ ᠪᠠᠷ ᠲᠣᠷᠭᠠᠵᠤ ᠪᠣᠯᠣᠨ᠎ᠠ᠂ ᠶᠠᠯ᠎ᠠ ᠳᠤ ᠬᠦᠷᠦᠭᠰᠡᠨ ᠢ ᠬᠠᠤᠯᠢ ᠶᠤᠰᠤᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠡᠢ᠃ | ︽ᠰᠢᠢᠳᠪᠦᠷᠢ︾ ᠳᠤ ᠱᠠᠭᠠᠷᠳᠠᠭᠰᠠᠨ ᠨᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠴᠠᠭ ᠲᠤᠬᠠᠢ ᠶᠢᠨ ᠬᠢᠨᠠᠨ ᠬᠡᠮᠵᠢᠯᠲᠡ ᠪᠣᠯᠣᠨ ᠠᠬᠤᠢ ᠲᠠᠯᠠᠪᠠᠢ ᠶᠢᠨ ᠬᠠᠤᠯᠢ ᠬᠡᠷᠡᠭᠵᠢᠭᠦᠯᠦᠯᠲᠡ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ︔ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠡᠭᠦᠷᠭᠡ ᠶᠢ ᠲᠠᠷᠢᠶᠠᠨ ᠭᠠᠵᠠᠷ ᠲᠤ | ᠬᠦᠷᠲᠡᠯ᠎ᠡ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠲᠤᠯᠭᠠᠵᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠲᠣᠣᠷᠴᠢᠯᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ︔ ᠡᠰᠢ ᠰᠦᠷᠡᠯ ᠢ ᠵᠠᠳᠠᠭᠠᠢ | ᠰᠢᠲᠠᠭᠠᠬᠤ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ | ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠡᠰᠢ ᠰᠦᠷᠡᠯ ᠢ ᠵᠠᠳᠠᠭᠠᠢ ᠰᠢᠲᠠᠭᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠢᠯᠡᠴᠢᠯᠡᠨ | ᠮᠡᠳᠡᠭᠦᠯᠦᠭᠰᠡᠨ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠬᠦ ᠬᠡᠷᠡᠭᠲᠡᠶ ᠭᠡᠵᠡᠢ᠃ |