11 ᠳ᠋ᠦ᠋ᠭᠡᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠰᠤᠶᠤᠯ ᠲᠠᠯᠠᠪᠠᠢ ᠳᠤ | ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠫᠠᠨᠽᠠᠯᠠᠬᠤ︾ ᠪᠠ ᠬᠠᠷ᠎ᠠ ᠪᠦᠯᠦᠭᠲᠡᠨ ᠬᠠᠷᠭᠢᠰ ᠬᠦᠴᠦᠨ ᠤ ︽ | ᠬᠠᠮᠠᠭᠠᠯᠠᠯᠲᠠ ᠶᠢᠨ ᠰᠢᠬᠦᠷ︾ ᠢ ᠲᠤᠰᠬᠠᠶ ᠴᠡᠭᠴᠡᠯᠡᠨ ᠵᠠᠰᠠᠬᠤ ᠵᠢᠴᠢ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡ ᠶᠢᠨ ︽ᠦᠨᠳᠦᠰᠦᠨ ᠱᠠᠲᠤᠨ ᠳᠤ ᠪᠠᠭᠤᠵᠤ︾ ᠡᠭᠦᠳᠡ ᠪᠠᠨ ᠲᠦᠯᠬᠢᠨ ᠢᠳᠬᠠᠯ ᠢ ᠬᠦᠯᠢᠶᠡᠨ ᠠᠪᠬᠤ | ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠤᠬᠠᠭᠤᠯᠭ᠎ᠠ ᠶᠢᠨ ᠶᠤᠰᠤᠯᠠᠯ ᠶᠠᠪᠤᠭᠳᠠᠪᠠ᠃ | | | | | | | | | ᠰᠢᠨ᠎ᠡ ᠬᠤᠲᠠ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ᠰᠢᠨ᠎ᠡ ᠬᠤᠲᠠ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ ᠵᠣᠬᠢᠶᠠᠨ | ᠪᠠᠶᠢᠭᠤᠯᠤᠯᠲᠠ ᠳᠣᠤᠷ᠎ᠠ ᠲᠣᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠲᠤᠪᠴᠢᠶ᠎ᠠ ᠶᠢᠨ ᠳᠠᠷᠤᠭ᠎ᠠ ᠳ᠋ᠠᠶ ᠼᠠᠢ ᠰᠢᠶᠠ ᠪᠦᠬᠦ ᠺᠠᠳ᠋ᠷ ᠠᠵᠢᠯᠲᠠᠨ ᠠᠵᠢᠯᠴᠢᠨ ᠢ ᠳᠠᠭᠠᠭᠤᠯᠤᠨ ᠦᠵᠡᠭᠦᠯᠭᠡ ᠶᠢᠨ | ᠬᠠᠪᠲᠠᠰᠣ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠤᠬᠠᠭᠤᠯᠭ᠎ᠠ ᠶᠢᠨ ᠬᠡᠷᠡᠭᠰᠡᠯ ᠲᠠᠷᠬᠠᠭᠠᠬᠤ ᠵᠡᠷᠭᠡ | ᠬᠡᠯᠪᠡᠷᠢ ᠪᠠᠷ ᠤᠬᠠᠭᠤᠯᠭ᠎ᠠ ᠬᠢᠵᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠤᠯᠪᠣᠭᠠᠴᠢᠨ ᠯᠦ ᠨᠠ | ᠣᠯᠠᠨ ᠲᠦᠮᠡᠨ ᠳᠤ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠫᠠᠨᠽᠠᠯᠠᠬᠤ︾ ᠠᠵᠢᠯᠯᠠᠭ᠎ᠠ ᠶᠢᠨ ᠨᠡᠶᠢᠭᠡᠮ᠂ | ᠭᠡᠷ ᠪᠦᠯᠢ᠂ ᠬᠤᠪᠢ ᠬᠥᠮᠦᠨ ᠳᠤ ᠤᠴᠠᠷᠠᠭᠤᠯᠤᠭᠰᠠᠨ ᠬᠤᠤᠷ ᠬᠥᠨᠥᠭᠡᠯ ᠢ ᠲᠠᠶᠢᠯᠪᠤᠷᠢᠯᠠᠵᠤ᠂ ᠣᠯᠠᠨ ᠲᠦᠮᠡᠨ ᠢ | ᠥᠷᠭᠡᠨ ᠢᠶᠠᠷ ᠳᠠᠶᠢᠴᠢᠯᠠᠨ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠫᠠᠨᠽᠠᠯᠠᠬᠤ︾ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠣᠯᠠᠨ ᠲᠦᠮᠡᠨ ᠢ ᠵᠢᠯᠤᠭᠤᠳᠴᠤ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠢᠴᠢ ︿ ᠱᠠᠯᠢᠭ ᠵᠠᠪᠬᠠᠶ ᠵᠣᠭᠤᠰ ᠮᠥᠷᠦ᠋ᠢᠴᠡᠬᠦ | ᠬᠤᠤᠷ ᠫᠠᠨᠽᠠᠯᠠᠬᠤ ﹀ ᠲᠤᠰᠬᠠᠶ ᠴᠡᠭᠴᠡᠯᠡᠨ ᠵᠠᠰᠠᠬᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ︾ ᠶᠢ | ᠲᠠᠭᠯᠠᠭᠤᠯᠪᠠ᠃ | | | | | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠣᠯᠠᠨ ᠲᠦᠮᠡᠨ ᠤ ︽ᠱᠠᠯᠢᠭ ᠵᠠᠪᠬᠠᠶ ᠵᠣᠭᠤᠰ ᠮᠥᠷᠦ᠋ᠢᠴᠡᠬᠦ | ᠬᠤᠤᠷ ᠫᠠᠨᠽᠠᠯᠠᠬᠤ︾ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠠᠶᠤᠯ ᠢ | ᠰᠡᠷᠭᠡᠶᠢᠯᠡᠬᠦ ᠦᠵᠡᠯ ᠤᠬᠠᠮᠰᠠᠷ ᠪᠣᠯᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠤᠭᠰᠠᠨ ᠪᠥᠭᠡᠳ | ᠪᠠᠰᠠ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ | ᠪᠠᠶᠢᠨ᠎ᠠ᠃ |