ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠠᠯ ᠢ ᠰᠡᠷᠭᠡᠶᠢᠯᠡᠨ ᠠᠶᠤᠯ ᠠᠴᠠ ᠵᠠᠶᠢᠯᠠᠬᠤ ᠲᠠᠮᠢᠷ ᠢ ᠲᠦᠭᠡᠮᠡᠯᠵᠢᠭᠦᠯᠬᠦ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019-11-05
      ᠪᠦᠬᠦ ᠣᠷᠣᠨ ᠤ ᠪᠠᠭᠰᠢ ᠰᠤᠷᠤᠭᠴᠢᠳ ᠤᠨ ᠭᠠᠯ ᠢ ᠰᠡᠷᠭᠡᠶᠢᠯᠡᠬᠦ ᠠᠶᠤᠯᠭᠦᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠯᠲᠡ ᠶᠢᠨ ᠠᠶᠤᠯᠭᠦᠢ ᠶᠢ ᠪᠠᠲᠤᠯᠠᠬᠤ ᠶᠢᠨ ᠲᠤᠰᠠᠳᠠ᠂ 11 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠠᠴᠠ ᠭᠤᠤᠯᠯᠠᠨ ᠡᠷᠬᠢᠯᠡᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠠᠴᠠ ᠳᠠᠭᠠᠭᠠᠨ ᠡᠷᠬᠢᠯᠡᠭᠰᠡᠨ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠠᠯ ᠢ ᠰᠡᠷᠭᠡᠶᠢᠯᠡᠨ ᠠᠶᠤᠯ ᠠᠴᠠ ᠵᠠᠶᠢᠯᠠᠬᠤ ᠲᠠᠮᠢᠷ ᠢ ᠲᠦᠭᠡᠮᠡᠯᠵᠢᠭᠦᠯᠬᠦ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠶᠠᠪᠤᠭᠳᠠᠪᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠰᠤᠷᠤᠭᠴᠢᠳ ᠭᠠᠯ ᠢ ᠰᠡᠷᠭᠡᠶᠢᠯᠡᠨ ᠠᠶᠤᠯ ᠠᠴᠠ ᠵᠠᠶᠢᠯᠠᠬᠤ  ᠲᠠᠮᠢᠷ  ᠤᠨ ᠲᠤᠭᠯᠠᠯᠳᠠ ᠭᠠᠷᠭᠠᠭᠰᠠᠨ ᠮᠥᠷᠲᠡᠭᠡᠨ ᠠᠩᠭᠢ ᠶᠢᠨ ᠭᠡᠷ ᠠᠴᠠ ᠲᠠᠷᠬᠠᠨ ᠭᠠᠷᠬᠤ ᠰᠣᠷᠢᠯᠲᠠ ᠬᠢᠪᠡ᠃ᠵᠢᠷᠤᠭ᠄ ᠭᠠᠯ ᠤᠨᠲᠠᠷᠠᠭᠠᠵᠤ ᠠᠪᠤᠷᠠᠨ ᠲᠤᠰᠠᠯᠠᠭᠴᠢ ᠠᠴᠠ ᠰᠤᠷᠤᠭᠴᠢᠳ ᠲᠤ ᠭᠠᠯ ᠤᠨᠲᠠᠷᠠᠭᠠᠭᠤᠷ ᠤᠨ ᠬᠡᠷᠡᠭᠯᠡᠬᠦ ᠠᠷᠭ᠎ᠠ ᠶᠢ ᠲᠠᠶᠢᠯᠪᠤᠷᠢᠯᠠᠵᠤ ᠪᠠᠶᠢᠭ᠎ᠠ ᠨᠢᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠶᠠᠩ ᠵᠢᠩ ᠱᠤ᠋ ᠳᠠᠳᠤᠯᠭ᠎ᠠ ᠶᠢᠨ ᠰᠤᠷᠤᠭᠴᠢ ᠡᠦ ᠹᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号