| | | 10 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠦᠴᠤᠸᠠᠨ ᠰᠢᠶᠠᠨ ︽ᠤᠭ | ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠤᠷᠭᠠᠨ | ᠬᠥᠮᠦᠵᠢᠯ ᠤᠨᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠲᠤᠬᠠᠶ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠪᠠ᠃ ᠲᠣᠰ ᠤᠳᠠᠭ᠎ᠠ ᠶᠢᠨ ᠦᠵᠡᠭᠦᠯᠦᠯᠭᠡ ᠶᠢᠨ ᠬᠤᠷᠠᠯ | ᠨᠢ ᠦᠴᠤᠸᠠᠨ ᠰᠢᠶᠠᠨ ᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠶᠠᠩ ᠪᠠᠯᠭᠠᠰᠤᠨ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ | ᠪᠣᠯᠤᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠤᠯᠭᠠᠮ᠎ᠠ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠵᠦ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠪᠠ ᠠᠷᠢᠯᠭᠠᠬᠤ ᠶᠢᠨ ᠲᠣᠭᠤᠷᠢᠨ ᠳᠤ | ᠂ ᠦᠴᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ᠂ ᠠᠵᠤ ᠦᠢᠯᠡᠰ ᠤᠨ | ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠵᠡᠷᠭᠡ ᠲᠠᠯ᠎ᠠ ᠶᠢᠨ ᠠᠵᠢᠯ ᠤᠨ ᠠᠬᠢᠴᠠ ᠶᠢᠨ | ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠰᠣᠳᠤᠯᠤᠯᠲᠠ ᠬᠢᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠤ ᠸᠧᠨ | ᠪᠢᠶᠣᠤ᠂ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ᠂ ᠰᠢᠶᠠᠨ ᠤ ᠨᠠᠮ ᠤᠨ ᠬᠤᠷᠢᠶᠠᠨ ᠤ | ᠳᠡᠳ᠋ ᠱᠦᠵᠢ ᠬᠠᠳᠠ ᠵᠡᠷᠭᠡ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠡᠯ᠎ᠡ ᠰᠢᠶᠠᠩ | ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃ | | ᠬᠤᠶᠠᠷ ᠡᠳᠦᠷ ᠤᠨ ᠴᠠᠭ ᠢᠶᠠᠷ ᠳᠠᠮᠵᠢᠨ᠂ ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ | ᠡᠯ᠎ᠡ ᠰᠢᠶᠠᠩ ᠪᠠᠯᠭᠠᠰᠤ ᠳᠤ ᠭᠦᠨᠵᠡᠭᠡᠶᠢᠷᠡᠵᠦ᠂ ᠲᠡᠭᠦᠨ ᠤ ᠡᠭᠦᠷᠭᠡᠯᠡᠵᠦ ᠪᠠᠶᠢᠭ᠎ᠠ ᠠᠭᠤᠯᠭ᠎ᠠ ᠶᠢ ᠨᠠᠷᠢᠨ ᠬᠢᠨᠠᠮᠠᠭᠠᠶ | ᠲᠣᠭᠤᠷᠢᠨ ᠦᠵᠡᠵᠦ ᠨᠠᠷᠢᠯᠢᠭ ᠣᠶᠢᠯᠠᠭᠠᠪᠠ᠂ ᠡᠭᠦᠨ ᠳᠤ ᠬᠠᠷ᠎ᠠ ᠬᠤᠰᠢᠭᠤ ᠰᠢᠶᠠᠩ ᠤᠨ ᠣᠷᠭᠠᠨᠢᠭ ᠨᠣᠬᠠᠶ ᠶᠢᠨ | ᠬᠤᠰᠢᠭᠤ ᠲᠠᠷᠢᠵᠤ ᠡᠳ᠋ᠰᠢᠭᠦᠯᠬᠦ ᠲᠥᠷᠥᠯ ᠵᠦᠢᠯ ᠪᠣᠯᠤᠨ ᠬᠤᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ︔ ᠳ᠋ᠧ ᠱᠧᠩ ᠭᠸᠦ ᠰᠢᠶᠠᠩ ᠤᠨ | ᠡᠮ ᠤᠨ ᠮᠠᠲ᠋ᠧᠷᠢᠶᠠᠯ ᠤᠨ ᠠᠵᠤ ᠦᠢᠯᠡᠰ︔ ᠳᠠᠯᠠᠨ ᠬᠠᠷ᠎ᠠ ᠰᠢᠶᠠᠩ ᠤᠨ ᠰᠠᠷᠢᠮᠰᠠᠭ ᠤᠨ ᠠᠵᠤ ᠦᠢᠯᠡᠰ ᠪᠣᠯᠤᠨ | ᠵᠢᠩ ᠡᠯ ᠭᠸᠦ ᠲᠣᠰᠬᠤᠨ ᠤ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠵᠢᠴᠢ ᠤᠯᠠᠭᠠᠨ ᠪᠤᠯᠠᠭ ᠲᠣᠰᠬᠤᠨ ᠤ | ᠤᠭᠤᠲᠠ ᠨᠡᠬᠡᠬᠦ ᠦᠢᠯᠡᠳᠪᠦᠷᠢ︔ ᠬᠠᠷᠠᠭᠤᠯ ᠪᠠᠯᠭᠠᠰᠤ ᠶᠢᠨ ᠳᠡᠷᠡᠰᠤᠲᠤ ᠶᠢᠨ ᠠᠶᠢᠯ ᠲᠣᠰᠬᠤᠨ ᠤ ᠶᠤᠸᠠᠨ ᠱᠠᠨ | ᠴᠠᠢ ᠶᠢᠨ ᠲᠤᠰᠬᠠᠶ ᠬᠤᠷᠰᠢᠶ᠎ᠠ᠂ ᠳᠡᠷᠡᠰᠤᠲᠤ ᠶᠢᠨ ᠠᠶᠢᠯ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠥᠲᠥᠯᠥᠨ | ᠳᠠᠭᠠᠭᠤᠯᠬᠤ᠂ ᠣᠷᠣᠰᠢᠨ ᠰᠠᠭᠤᠬᠤ ᠣᠷᠴᠢᠨ ᠲᠣᠭᠤᠷᠢᠨ ᠵᠢᠴᠢ ᠬᠡᠭᠡᠨᠴᠢᠷ ᠲᠣᠰᠬᠤᠨ ᠤ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠰᠠᠷᠭᠠᠶ ᠴᠡᠴᠡᠭ ᠤᠨ ᠬᠦᠷᠢᠶᠡᠯᠡᠩ ᠤᠨ ᠠᠵᠤ ᠦᠢᠯᠡᠰ ᠤᠨ ᠲᠥᠷᠥᠯ | ᠵᠦᠢᠯ︔ ᠬᠤᠭᠤᠯᠠᠢ ᠠᠭᠤᠯᠠ ᠰᠢᠶᠠᠩ ᠤᠨ ᠲᠠᠯ᠎ᠠ ᠨᠤᠲᠤᠭ ᠤᠨ ᠢ ᠵᠢᠶᠠ ᠠᠯᠠᠰᠢᠨ ᠤ ᠲᠠᠯᠠᠪᠠᠢ ᠶᠢᠨ ᠲᠥᠷᠥᠯ | ᠵᠦᠢᠯ᠂ ᠬᠤᠭᠤᠯᠠᠢ ᠠᠭᠤᠯᠠ ᠲᠣᠰᠬᠤᠨ ᠤ ᠢᠳᠡᠭᠡᠨ ᠤ ᠮᠥᠭᠦ ᠶᠢᠨ ᠰᠠᠭᠤᠷᠢᠨ ᠭᠠᠵᠠᠷ᠂ ᠨᠠᠨ ᠹᠠᠩ ᠽᠢ | ᠲᠣᠰᠬᠤᠨ ᠤ ᠴᠡᠪᠡᠷ ᠤᠰᠤᠨ ᠤ ᠲᠥᠷᠥᠯ ᠵᠦᠢᠯ︔ ᠡᠯ ᠹᠧᠨ ᠽᠢ ᠰᠢᠶᠠᠩ ᠤᠨ ᠠᠯᠠᠰᠢᠨ ᠬᠤᠨᠢ ᠲᠡᠵᠢᠭᠡᠨ | ᠦᠷᠡᠵᠢᠭᠦᠯᠬᠦ ᠲᠠᠯᠠᠪᠠᠢ᠂ ᠴᠢᠩ ᠯᠦᠩ ᠳᠡᠪᠢᠰᠬᠡᠷ ᠤᠨ ᠦᠢᠯᠡᠳᠪᠦᠷᠢ︔ ᠪᠠᠷᠠᠭᠤᠨ ᠤᠯᠠᠭᠠᠨ ᠪᠤᠯᠠᠭ ᠪᠠᠯᠭᠠᠰᠤᠨ ᠤ | ᠸᠠᠨ ᠾᠧ ᠯᠢ ᠱᠧᠩ ᠲᠡᠵᠢᠭᠡᠨ ᠦᠷᠡᠵᠢᠭᠦᠯᠬᠦ ᠲᠥᠷᠥᠯ ᠵᠦᠢᠯ ᠪᠠ ᠪᠠᠷᠠᠭᠤᠨ ᠤᠯᠠᠭᠠᠨ ᠪᠤᠯᠠᠭ ᠪᠠᠯᠭᠠᠰᠤᠨ ᠤ ᠬᠤᠩ | ᠱᠠᠨ ᠽᠢ ᠲᠣᠰᠬᠤᠨ ᠤ ᠨᠠᠮ ᠤᠨ ᠪᠠᠶᠢᠭᠤᠯᠤᠯᠲᠠ ᠵᠢᠨᠵᠢᠯᠤᠭᠤᠳᠤᠯᠭᠠ᠂ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ︔ ᠬᠦᠬᠡ ᠡᠷᠭᠢ ᠪᠠᠯᠭᠠᠰᠤ ᠶᠢᠨ ᠳ᠋ᠢᠩ ᠰᠢᠶᠠᠩ ᠶᠢᠩ ᠲᠣᠰᠬᠤᠨ ᠤ ᠲᠣᠭᠲᠠᠮᠠᠯ ᠳᠤᠯᠠᠭᠠᠨᠲᠤ | ᠲᠥᠮᠥᠰᠥ ᠬᠠᠳᠠᠭᠠᠯᠠᠬᠤ ᠵᠣᠭᠤᠷᠢ᠂ ᠲᠡᠭᠡᠷᠡᠮᠲᠦ ᠲᠣᠰᠬᠤᠨ ᠤ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ᠂ | ᠣᠷᠣᠰᠢᠨ ᠰᠠᠭᠤᠬᠤ ᠣᠷᠴᠢᠨ ᠲᠣᠭᠤᠷᠢᠨ᠂ ᠲᠡᠭᠡᠷᠡᠮᠲᠦ ᠲᠡᠵᠢᠭᠡᠨ ᠦᠷᠡᠵᠢᠭᠦᠯᠬᠦ ᠲᠠᠯᠠᠪᠠᠢ︔ ᠳᠡᠭᠡᠷ᠎ᠡ ᠲᠤᠬᠤᠶ | ᠰᠢᠶᠠᠩ ᠤᠨ ᠬᠦᠪᠡᠭᠡ ᠠᠶᠢᠯ ᠲᠣᠰᠬᠤᠨ ᠤ ᠰᠣᠶᠣᠯ ᠤᠨ ᠶᠡᠭᠡ ᠬᠦᠷᠢᠶ᠎ᠡ᠂ ᠴᠠᠭᠠᠨ ᠲᠣᠯᠣᠭᠠᠶ ᠲᠣᠰᠬᠤᠨ ᠤ ᠬᠦᠢᠲᠡᠨ | ᠰᠡᠷᠢᠭᠦᠨ ᠬᠡᠯᠪᠡᠷᠢ ᠶᠢᠨ ᠭᠦᠵᠡᠭᠡᠯᠵᠡᠭᠡᠨ᠎ᠡ ᠲᠠᠷᠢᠬᠤ ᠰᠠᠭᠤᠷᠢᠨ ᠭᠠᠵᠠᠷ᠂ ᠳᠡᠭᠡᠷ᠎ᠡ ᠲᠤᠬᠤᠶ ᠲᠣᠰᠬᠤᠨ ᠤ ᠨᠠᠮ ᠤᠨ | ᠪᠠᠶᠢᠭᠤᠯᠤᠯᠲᠠ + ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯᠭᠦᠭᠡ ᠵᠢᠷᠤᠭ ᠤᠨ ᠭᠡᠷ ᠵᠡᠷᠭᠡ ᠶᠢ | ᠪᠠᠭᠲᠠᠭᠠᠨ᠎ᠠ᠃ | ᠦᠵᠡᠭᠦᠯᠦᠯᠭᠡ ᠶᠢᠨ ᠳᠤᠭᠤᠶᠢᠯᠠᠩ ᠤᠨ ᠬᠢᠨ ᠬᠦᠷᠦᠭᠰᠡᠨ ᠭᠠᠵᠠᠷ ᠪᠣᠯᠭᠠᠨ ᠳᠠᠭᠠᠨ ᠴᠥᠮ ᠦᠵᠡᠬᠦ ᠶᠢᠨ | ᠳᠠᠭᠠᠤ ᠠᠰᠠᠭᠤᠵᠤ᠂ ᠲᠥᠷᠥᠯ ᠵᠦᠢᠯ ᠤᠨ ᠲᠤᠬᠠᠶ ᠶᠢᠨ ᠭᠠᠵᠠᠷ ᠤᠨ ᠲᠠᠷᠢᠶᠠᠴᠢᠳ ᠲᠤ ᠠᠪᠴᠢᠷᠠᠭᠰᠠᠨ ᠭᠦᠨᠵᠡᠭᠡᠶ | ᠬᠤᠪᠢᠷᠠᠯᠲᠠ᠂ ᠣᠨᠴᠠᠭᠠᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠦᠢᠯᠡᠳᠦᠯ ᠢ ᠨᠠᠷᠢᠨ ᠣᠶᠢᠯᠭᠠᠪᠠ᠃ ᠲᠥᠷᠥᠯ | ᠵᠦᠢᠯ ᠤᠨ ᠬᠠᠷᠢᠭᠤᠴᠠᠯᠭᠠᠲᠠᠨ ᠦᠵᠡᠭᠦᠯᠦᠯᠭᠡ ᠶᠢᠨ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠳᠤ ᠴᠥᠮ ᠨᠢᠭᠡ | ᠨᠢᠭᠡ ᠪᠠᠷ ᠬᠠᠷᠢᠭᠤᠯᠲᠠ ᠥᠭᠪᠡ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ | ᠶᠦᠨ ᠬᠠᠢ ᠦᠵᠡᠭᠦᠯᠦᠯᠭᠡ ᠶᠢᠨ ᠳ᠋ᠦᠩᠨᠡᠯᠲᠡ ᠶᠢᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠦᠵᠡᠭᠦᠯᠦᠯᠭᠡ ᠪᠠᠷ | ᠳᠠᠮᠵᠢᠨ᠂ ᠪᠢᠳᠡ ᠠᠮᠵᠢᠯᠲᠠ ᠪᠠᠨ ᠣᠯᠵᠤ ᠬᠠᠷᠠᠨ᠂ ᠲᠤᠷᠰᠢᠯᠭ᠎ᠠ ᠰᠤᠷᠴᠤ᠂ ᠨᠡᠶᠢᠲᠡᠯᠢᠭ ᠵᠢᠱᠢᠶ᠎ᠡ ᠶᠢ ᠣᠯᠵᠤ | ᠮᠡᠳᠡᠭᠰᠡᠨ ᠮᠥᠷᠲᠡᠭᠡᠨ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠤᠲᠠᠭᠤᠳᠠᠯ ᠢᠶᠠᠨ | ᠡᠷᠢᠵᠦ ᠣᠯᠤᠭᠰᠠᠨ ᠪᠠᠶᠢᠨ᠎ᠠ᠃ ᠦᠵᠡᠭᠦᠯᠦᠯᠭᠡ ᠪᠠᠷ ᠳᠠᠮᠵᠢᠨ᠂ ᠬᠠᠷᠢᠯᠴᠠᠨ ︽ ᠦ ᠰᠡᠪ ᠡᠷᠢᠵᠤ︾᠂ ᠬᠠᠷᠢᠯᠴᠠᠨ | ᠰᠢᠮᠳᠠᠭᠤᠯᠬᠤ ᠮᠥᠷᠲᠡᠭᠡᠨ ᠪᠠᠰᠠ ᠬᠠᠷᠢᠯᠴᠠᠨ ᠵᠣᠷᠢᠭᠵᠢᠭᠤᠯᠵᠤ᠂ ᠬᠠᠷᠢᠯᠴᠠᠨ ᠰᠡᠩᠬᠡᠷᠡᠭᠦᠯᠪᠡ ᠭᠡᠵᠠᠢ᠃ | ᠶᠦᠨ ᠬᠠᠢ ᠴᠢᠬᠤᠯᠠᠴᠢᠯᠠᠭᠰᠠᠨ ᠨᠢ᠂ ᠡᠷᠬᠡᠪᠰᠢ ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠬᠤ ᠬᠡᠷᠡᠭᠲᠡᠶ | ᠂ ᠤᠳᠤ ᠪᠢᠳᠡ ᠨᠢᠭᠡᠨᠲᠡ ᠪᠠᠬᠢᠵᠢᠭᠦᠯᠦᠨ ᠳᠡᠭᠡᠭᠰᠢᠯᠡᠭᠦᠯᠬᠦ ᠱᠠᠲᠤᠨ ᠳᠤ ᠬᠦᠷᠴᠡᠶ᠂ ᠡᠶᠢᠮᠦ ᠠᠴᠠ ᠰᠡᠳᠬᠢᠴᠡ ᠪᠠᠨ ᠴᠦ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠪᠣᠯᠤᠨ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠢᠭᠲᠠ ᠤᠶᠠᠯᠳᠤᠭᠤᠯᠵᠤ᠂ ᠵᠥᠷᠢᠴᠡᠯ ᠠᠰᠠᠭᠤᠳᠠᠯ ᠪᠣᠯᠤᠨ ᠠᠶᠤᠯ ᠲᠦᠭᠰᠢᠭᠦᠷᠢ ᠶᠢ | ᠰᠢᠢᠳᠪᠦᠷᠢᠯᠡᠬᠦ ᠪᠠᠶᠢᠩᠭᠤ ᠶᠢᠨ ᠲᠣᠭᠲᠠᠴᠠ ᠶᠢ ᠬᠠᠮᠲᠤᠪᠠᠷ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠡᠷᠬᠡᠪᠰᠢ ︽ᠪᠦᠬᠦᠨ ᠢ ᠦᠭᠡᠶᠢᠰᠬᠡᠵᠦ ᠪᠠᠷᠢᠮᠵᠢᠶ᠎ᠠ ᠳᠤ | ᠬᠦᠷᠦᠭᠦᠯᠬᠦ︾ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ᠂ ᠪᠠᠷᠢᠮᠵᠢᠶ᠎ᠠ ᠲᠠᠢ ᠬᠠᠷᠭᠤᠭᠤᠯᠵᠤ᠂ ᠪᠠᠷᠢᠮᠵᠢᠶ᠎ᠠ ᠳᠤ | ᠦᠨᠡᠨ ᠬᠦ ᠨᠠᠶᠢᠳᠠᠪᠤᠷᠢᠵᠢᠭᠰᠠᠨ ᠡᠰᠡᠬᠦ ᠶᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠬᠤ ᠬᠡᠷᠡᠭᠲᠡᠢ᠃ ᠬᠤᠶᠠᠷ ᠲᠤ᠂ | ᠡᠯ᠎ᠡ ᠰᠢᠶᠠᠩ ᠪᠠᠯᠭᠠᠰᠤ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠶᠢ ᠴᠢᠩᠭ᠎ᠠ ᠠᠩᠬᠠᠷᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ | ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠢᠶᠠᠷ ᠭᠤᠤᠯᠳᠠᠯᠭ᠎ᠠ ᠪᠣᠯᠭᠠᠵᠤ | ᠂ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ ᠣᠶᠢᠯᠭᠠᠨ ᠵᠢᠭᠰᠠᠭᠠᠵᠤ᠂ ᠬᠦᠴᠦ ᠪᠠᠨ ᠬᠠᠮᠲᠤᠳᠬᠠᠨ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠪᠠᠬᠢᠵᠢᠭᠦᠯᠦᠨ | ᠳᠡᠭᠡᠭᠰᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠪᠡ᠃ |