ᠬᠦᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠪᠠᠶᠢᠴᠠᠭᠠᠨ ᠰᠤᠳᠤᠯᠤᠭᠴᠢ ᠭᠧ ᠮᠢᠩ ᠨᠠᠷ ᠰᠢᠨ᠎ᠡ ᠬᠤᠲᠠ ᠲᠣᠭᠤᠷᠢᠭ ᠤᠨ ᠰᠢᠯᠢ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-07
     11 ᠳ᠋ᠦ᠋ᠭᠡᠷ ᠰᠠᠷ᠎ᠠ ᠶᠢᠨ 5 ᠤ ᠦᠳᠡ ᠶᠢᠨ ᠡᠮᠦᠨ᠎ᠡ᠂ ᠬᠦᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠪᠠᠶᠢᠴᠠᠭᠠᠨ ᠰᠤᠳᠤᠯᠤᠭᠴᠢ ᠭᠧ ᠮᠢᠩ᠂ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠰᠠᠯᠠᠭᠠᠨ ᠤ ᠰᠠᠯᠠᠭᠠᠨ ᠳᠠᠷᠤᠭ᠎ᠠ ᠵᠠᠩ ᠬᠤᠩ ᠮᠢᠨ ᠨᠠᠷ ᠰᠢᠨ᠎ᠡ ᠬᠤᠲᠠ ᠲᠣᠭᠤᠷᠢᠭ ᠤᠨ ᠰᠢᠯᠢ ᠶᠢᠨ ᠬᠤᠶᠢᠲᠣ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ᠲᠤ ᠬᠦᠷᠴᠦ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠢᠴᠢ ᠬᠡᠷᠡᠭᠯᠡᠭᠡᠨ ᠤ ᠪᠠᠶᠢᠳᠠᠯ ᠢ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠶᠠᠭᠤᠨ ᠤ ᠡᠮᠦᠨ᠎ᠡ ᠰᠢᠯᠢ ᠶᠢᠨ ᠲᠥᠪ ᠤᠨ ᠦᠨᠳᠦᠰᠦᠨ ᠪᠠᠶᠢᠳᠠᠯ ᠵᠢᠴᠢ ᠡᠯ᠎ᠡ ᠵᠣᠶᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠪᠠᠷ ᠨᠢ ᠲᠥᠪ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠠᠮᠤᠷ ᠲᠦᠪᠰᠢᠨ ᠵᠡᠷᠭᠡ ᠲᠠᠯ᠎ᠠ ᠪᠠᠷ ᠰᠠᠨᠠᠯ ᠰᠤᠯᠢᠯᠴᠠᠨ ᠬᠤᠪᠢᠶᠠᠯᠴᠠᠬᠤ ᠶᠢ ᠦᠷᠨᠢᠬᠦᠯᠬᠦ ᠶᠢᠨ ᠬᠠᠮᠲᠤ ᠰᠢᠯᠢ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠮᠠᠰᠢ ᠣᠯᠠᠨ ᠡᠷᠬᠢᠮ ᠨᠠᠨᠳᠢᠨ ᠰᠠᠨᠠᠯ ᠳᠤᠷᠠᠳᠤᠭᠰᠠᠨ ᠪᠠᠶᠢᠨ᠎ᠠ᠃      ᠲᠠᠷᠠᠭᠠᠴᠢ ᠶᠢᠨ ᠠᠵᠢᠯ ᠳᠤ᠂ ᠰᠢᠯᠢ ᠶᠢᠨ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂  ᠡᠯᠧᠺᠲᠷᠤᠨ ᠡᠪᠡᠳᠴᠢᠨ ᠤ ᠦᠩᠭᠡᠷᠡᠯᠲᠡ ᠪᠠ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠭᠤᠤᠯ ᠪᠣᠯᠭᠠᠵᠤ᠂ ᠡᠯᠧᠺᠲᠷᠤᠨ ᠡᠷᠡᠭᠦᠯ ᠮᠡᠨᠳᠦ ᠶᠢᠨ ᠺᠠᠷᠲ ᠬᠡᠷᠡᠭᠯᠡᠬᠦ ᠶᠢ ᠦᠷᠭᠦᠯᠵᠢᠯᠡᠨ ᠢᠳᠡᠪᠬᠢᠲᠡᠢ ᠳᠡᠯᠭᠡᠷᠡᠭᠦᠯᠵᠦ᠂ ᠬᠡᠷᠡᠭᠯᠡᠬᠦ ᠪᠠᠷ ᠲᠠᠷᠬᠠᠭᠠᠯᠲᠠ ᠶᠢ ᠠᠬᠢᠭᠤᠯᠤᠨ᠂ ᠦᠢᠯᠡᠴᠢᠯᠡᠬᠦ ᠪᠠᠷ ᠣᠯᠠᠨ ᠲᠦᠮᠡᠨ ᠳᠤ ᠠᠰᠢᠭ ᠬᠦᠷᠲᠡᠭᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ︽ᠪᠦᠬᠦᠨ ᠳᠤ ᠲᠣᠬᠢᠷᠠᠬᠤ ᠺᠠᠷᠲ︾ ᠢ ᠦᠨᠡᠨ ᠬᠦ ᠪᠡᠶᠡᠯᠡᠭᠦᠯᠵᠦ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠣᠯᠤᠨ ᠡᠪᠡᠳᠴᠢᠲᠡᠨ ᠤ ᠪᠡᠶᠡᠴᠢ ᠣᠶᠢᠯᠠᠭᠠᠯᠲᠠ ᠶᠢᠨ ︽ᠬᠤᠤᠰ ᠳᠡᠭᠡᠭᠰᠢᠯᠡᠯᠲᠡ ︾ ᠶᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号