ᠮᠠᠨ ᠤ ᠣᠷᠣᠨ ᠤ ᠬᠤᠶᠠᠷ ᠶᠡᠭᠡ ᠳᠡᠭᠡᠳᠦ ᠰᠤᠷᠭᠠᠭᠤᠯᠢ ᠲᠡᠭᠦᠰᠬᠦ ᠣᠶᠤᠲᠠᠳ ᠲᠤ ᠠᠵᠢᠯ ᠣᠯᠭᠤᠬᠤ  ᠴᠤᠭᠯᠠᠭᠠᠨ ᠡᠷᠬᠢᠯᠡᠬᠦ  ᠪᠠᠷ ᠪᠤᠢ
ᠨᠡᠶᠢᠲᠡᠯᠡᠭᠰᠡᠨ ᠴᠠᠭ᠄
2019-11-07
     ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠢᠶᠠᠩ ᠵᠢᠶᠠᠨ ᠪᠥᠸᠧ︶ ᠥᠴᠥᠭᠡᠳᠦᠷ᠂ ᠰᠤᠷᠪᠤᠯᠵᠢᠯᠠᠭᠴᠢ ᠶᠢᠨ  ᠤᠶᠢᠯᠠᠭᠠᠭᠰᠠᠨ ᠢᠶᠠᠷ᠂ ᠲᠡᠭᠦᠰᠬᠦ ᠣᠶᠤᠲᠠᠳ ᠤᠨ ᠠᠵᠢᠯ ᠣᠯᠭᠤᠯᠲᠠ ᠶᠢᠨ ᠠᠵᠢᠯ ᠢ ᠲᠦᠯᠬᠢᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠶᠢᠲᠡ ᠶᠢᠨ ᠦᠢᠯᠡᠴᠢᠯᠡᠭᠡ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠣᠶᠤᠲᠠᠳ ᠤᠨ ᠠᠵᠢᠯ ᠣᠯᠭᠤᠯᠲᠠ ᠶᠢᠨ ᠵᠢᠯᠣᠭᠤᠳᠬᠤ ᠲᠥᠪ ᠠᠴᠠ 11 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠪᠠᠷᠠᠭᠤᠨ ᠲᠣᠭᠤᠷᠢᠭ ᠤᠨ ᠪᠡᠶ᠎ᠡ ᠲᠠᠮᠢᠷ ᠤᠨ ᠣᠷᠳᠣᠨ ᠳᠤ ︽ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ 2020 ᠣᠨ ᠤ ᠲᠡᠭᠦᠰᠬᠦ ᠣᠶᠤᠲᠠᠳ ᠤᠨ ᠡᠪᠦᠯ ᠤᠨ ᠤᠯᠠᠷᠢᠯ ᠤᠨ  ︿ᠬᠠᠷᠢᠯᠴᠠᠨ ᠰᠣᠩᠭᠤᠬᠤ﹀  ᠵᠦᠪᠳᠡᠯᠴᠡᠭᠡᠷ ᠤᠨ ᠴᠤᠭᠯᠠᠭᠠᠨ︾ ᠢ ᠬᠠᠮᠲᠤᠷᠠᠨ ᠡᠷᠬᠢᠯᠡᠬᠦ ᠪᠠᠷ ᠲᠣᠭᠲᠠᠵᠤ᠂ ᠡᠨᠡ ᠤᠳᠠᠭ᠎ᠠ ᠶᠢᠨ ᠬᠤᠷᠠᠯ ᠤᠨ ᠦᠢᠯᠡᠴᠢᠯᠡᠬᠦ ᠡᠲᠡᠭᠡᠳ ᠨᠢ 2020 ᠣᠨ ᠤ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠣᠶᠤᠲᠠᠳ ᠵᠢᠴᠢ ᠥᠩᠭᠡᠷᠡᠭᠰᠡᠨ ᠵᠢᠯ ᠤᠳ ᠲᠤ ᠲᠡᠭᠦᠰᠴᠦ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭ᠎ᠠ ᠦᠭᠡᠢ ᠠᠵᠢᠯ ᠣᠯᠬᠤ ᠰᠠᠨᠠᠭ᠎ᠠ ᠲᠠᠢ ᠣᠶᠤᠲᠠᠳ᠃ ᠲᠤᠬᠠᠢ ᠶᠢᠨ ᠦᠶ᠎ᠡ ᠳᠤ ᠣᠷᠣᠨ ᠤ ᠳᠣᠲᠣᠨ᠎ᠠ ᠭᠠᠳᠠᠨᠠᠬᠢ 200 ᠭᠠᠷᠤᠢ ᠬᠥᠮᠥᠨ ᠬᠡᠷᠡᠭᠯᠡᠬᠦ ᠪᠠᠶᠢᠭᠤᠯᠭ᠎ᠠ ᠨᠢᠭᠡᠴᠡ ᠶᠢ ᠤᠷᠢᠨ ᠠᠵᠢᠯᠲᠠᠨ ᠡᠯᠰᠡᠬᠦ ᠳᠤ ᠣᠷᠣᠯᠴᠠᠭᠤᠯᠤᠨ᠎ᠠ᠃       ︵ᠰᠤᠷᠪᠤᠯᠵᠢᠯᠠᠭᠴᠢ ᠵᠢᠶᠠᠩ ᠵᠢᠶᠠᠨ ᠪᠥᠸᠧ︶ ᠥᠴᠥᠭᠡᠳᠦᠷ᠂ ᠰᠤᠷᠪᠤᠯᠵᠢᠯᠠᠭᠴᠢ ᠶᠢᠨ  ᠤᠶᠢᠯᠠᠭᠠᠭᠰᠠᠨ ᠢᠶᠠᠷ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2020 ᠣᠨ ᠤ ᠶᠡᠭᠡ ᠳᠡᠭᠡᠳᠦ ᠰᠤᠷᠭᠠᠭᠤᠯᠢ ᠵᠢᠨ‌‍ᠲ᠋ᠡᠭᠦᠰᠬᠦ ᠣᠶᠤᠲᠠᠳ ᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠰᠤᠳᠤᠯᠤᠨ ᠶᠠᠷᠢᠯᠴᠠᠵᠤ᠂  ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠤᠨ ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ ᠶᠢᠨ 2020 ᠣᠨ ᠤ ᠲᠡᠭᠦᠰᠬᠦ ᠣᠶᠤᠲᠠᠳ ᠤᠨ ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠴᠣᠭᠯᠠᠭᠠᠨ︾ ᠢ ᠡᠷᠬᠢᠯᠡᠬᠦ ᠪᠠᠷ ᠲᠣᠭᠲᠠᠪᠠ᠃      ᠤᠶᠢᠯᠠᠭᠠᠭᠰᠠᠨ ᠢᠶᠠᠷ᠂ ᠴᠤᠭᠯᠠᠭᠠᠨ ᠳᠤ 80 ᠠᠵᠢᠯᠲᠠᠨ ᠡᠯᠰᠡᠬᠦ ᠪᠠᠶᠢᠷᠢ ᠲᠣᠬᠢᠷᠠᠭᠤᠯᠬᠤ  ᠪᠠᠷ ᠲᠥᠯᠥᠪᠯᠡᠵᠦ ᠂ ᠣᠷᠣᠨ ᠤ ᠳᠣᠲᠣᠨ᠎ᠠ ᠭᠠᠳᠠᠨᠠᠬᠢ ᠤᠯᠤᠰ ᠤᠨ ᠥᠮᠴᠢᠯᠡᠯᠲᠦ᠂ ᠬᠠᠮᠲᠤ ᠨᠡᠶᠢᠲᠡ ᠶᠢᠨ᠂ ᠬᠤᠪᠢᠴᠠᠭᠠᠨ ᠤ ᠳᠦᠷᠢᠮᠲᠦ᠂ ᠳᠡᠭᠡᠳᠦ ᠰᠢᠨ᠎ᠡ ᠮᠡᠷᠭᠡᠵᠢᠯ ᠤᠨ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ ᠬᠥᠮᠥᠨ ᠬᠡᠷᠡᠭᠯᠡᠬᠦ ᠪᠠᠶᠢᠭᠤᠯᠭ᠎ᠠ ᠨᠢᠭᠡᠴᠡ ᠵᠢᠴᠢ ᠵᠠᠰᠠᠭ ᠤᠨ ᠣᠷᠳᠣᠨ ᠤ ᠬᠥᠮᠥᠨ ᠤ ᠶᠠᠪᠤᠳᠠᠯ ᠤᠨ ᠰᠠᠯᠠᠭ᠎ᠠ ᠮᠥᠴᠢᠷ ᠤᠳ ᠢ ᠤᠷᠢᠨ ᠠᠵᠢᠯᠲᠠᠨ ᠡᠯᠰᠡᠬᠦ ᠳᠤ ᠣᠷᠣᠯᠴᠠᠭᠤᠯᠬᠤ ᠪᠠᠷ ᠲᠥᠯᠥᠪᠯᠡᠵᠦ᠂ ᠶᠡᠭᠡ ᠳᠡᠭᠡᠳᠦ ᠰᠤᠷᠭᠠᠭᠤᠯᠢ ᠶᠢᠨ 1400 ᠭᠠᠷᠤᠢ ᠲᠡᠭᠦᠰᠬᠦ ᠣᠶᠤᠲᠠᠳ ᠴᠤᠭᠯᠠᠭᠠᠨ ᠳᠤ ᠣᠷᠣᠯᠴᠠᠬᠤ ᠪᠣᠯᠣᠨ᠎ᠠ᠃ 11 ᠳ᠋ᠦ᠋ᠭᠡᠷ  ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠤᠨ ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ ᠶᠢᠨ ᠣᠯᠠᠨ ᠴᠢᠳᠠᠮᠵᠢᠲᠤ ᠲᠢᠩᠬᠢᠮ ᠳᠤ ᠶᠠᠪᠤᠭᠳᠠᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号