| | | ᠥᠴᠥᠭᠡᠳᠦᠷ᠂ ︽ᠭᠠᠯ ᠤᠨ ᠠᠶᠤᠯ ᠢ ᠰᠡᠷᠭᠡᠶᠢᠯᠡᠨ ᠦᠵᠡᠰᠭᠦᠯᠡᠩᠳᠦ ᠰᠠᠶᠢᠬᠠᠨ ᠭᠡᠷ ᠣᠷᠣᠨ ᠢᠶᠠᠨ | ᠪᠦᠲᠦᠭᠡᠨ ᠪᠠᠶᠢᠭᠤᠯᠤᠶ᠎ᠠ︾ ᠪᠠᠷ ᠰᠡᠳᠦᠪᠯᠡᠭᠰᠡᠨ ᠭᠠᠯ ᠤᠨᠳᠠᠷᠠᠭᠠᠵᠤ ᠭᠠᠯ ᠰᠡᠷᠭᠡᠶᠢᠯᠡᠬᠦ ᠰᠠᠶᠢᠨ ᠲᠤᠷᠠᠴᠤᠳ | ᠠᠶᠠᠨ ᠳᠤ ᠮᠣᠷᠳᠠᠬᠤ ᠵᠢᠴᠢ ︽119︾ ᠭᠠᠯ ᠤᠨᠳᠠᠷᠠᠭᠠᠵᠤ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ | ᠠᠵᠢᠯᠯᠠᠭ᠎ᠠ ᠶᠢᠨ ᠡᠬᠢᠯᠡᠬᠦ ᠶᠣᠰᠣᠯᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠲᠤ ᠶᠠᠪᠤᠭᠳᠠᠵᠤ᠂ ᠠᠵᠢᠯᠯᠠᠭ᠎ᠠ ᠨᠢ ᠡᠨᠡ ᠵᠢᠯ ᠤᠨ ᠭᠠᠯ ᠤᠨᠳᠠᠷᠠᠭᠠᠵᠤ ᠭᠠᠯ ᠰᠡᠷᠭᠡᠶᠢᠯᠡᠬᠦ ᠤᠬᠠᠭᠤᠯᠭ᠎ᠠ ᠶᠢᠨ | ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠪᠠ᠃ ᠮᠠᠨ ᠤ ᠬᠤᠲᠠ ᠶᠢᠨ ᠬᠡᠰᠡᠭ ᠭᠠᠯ | ᠤᠨᠳᠠᠷᠠᠭᠠᠵᠤ ᠭᠠᠯ ᠰᠡᠷᠭᠡᠶᠢᠯᠡᠬᠦ ᠭᠤᠣᠯᠳᠠᠯᠭ᠎ᠠ ᠲᠠᠢ ᠪᠠᠶᠢᠭᠤᠯᠭ᠎ᠠ ᠨᠢᠭᠡᠴᠡ᠂ ᠵᠡᠭᠡᠯᠢ ᠭᠤᠳᠤᠮᠵᠢ ᠨᠡᠶᠢᠭᠡᠮ ᠲᠣᠭᠤᠷᠢᠭ | ᠂ ᠲᠦᠷᠢᠶᠡᠰᠦᠨ ᠮᠠᠰᠢᠨ ᠤ ᠨᠡᠶᠢᠭᠡᠮᠯᠢᠭ᠂ ᠮᠧᠢ ᠲᠤᠸᠠᠨ ᠵᠠᠬᠢᠶᠠᠯᠠᠭ᠎ᠠ ᠵᠡᠷᠭᠡ ᠶᠢᠨ 5000 ᠭᠠᠷᠤᠢ ᠬᠥᠮᠥᠨ ᠡᠨᠡ | ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠨᠣᠭᠯᠠᠯ ᠤᠨ ᠦᠵᠡᠭᠦᠯᠭᠡ ᠶᠢᠨ ᠲᠣᠭᠤᠷᠢᠭ᠂ ᠭᠠᠯ ᠤᠨᠳᠠᠷᠠᠭᠠᠵᠤ ᠭᠠᠯ ᠰᠡᠷᠭᠡᠶᠢᠯᠡᠬᠦ ᠬᠠᠤᠯᠢ ᠴᠠᠭᠠᠵᠠ ᠬᠠᠤᠯᠢ | ᠳᠦᠷᠢᠮ ᠤᠨ ᠠᠰᠠᠭᠤᠨ ᠯᠠᠪᠯᠠᠬᠤ ᠭᠠᠵᠠᠷ᠂ ᠭᠠᠯ ᠤᠨᠲᠠᠷᠠᠭᠠᠬᠤ ᠴᠢᠳᠠᠪᠤᠷᠢ ᠶᠢᠨ ᠮᠥᠷᠥᠶᠢᠴᠡᠭᠡᠨ ᠵᠡᠷᠭᠡ ᠠᠭᠤᠯᠭ᠎ᠠ | ᠶᠢ ᠲᠣᠬᠢᠷᠠᠭᠤᠯᠵᠤ᠂ ᠡᠵᠡᠮᠰᠢᠯᠲᠦ ᠴᠢᠨᠠᠷ ᠪᠠ ᠬᠠᠨᠳᠤᠯᠭᠠᠲᠤ ᠴᠢᠨᠠᠷ ᠢᠶᠠᠷ ᠴᠢᠩᠭ᠎ᠠ᠂ ᠣᠯᠠᠨ ᠲᠦᠮᠡᠨ ᠥᠷᠭᠡᠨ ᠢᠶᠠᠷ | ᠣᠷᠣᠯᠴᠠᠭᠰᠠᠨ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠥᠨᠳᠥᠷ ᠪᠠᠶᠢᠵᠤ᠂ ᠪᠦᠬᠦ ᠨᠡᠶᠢᠭᠡᠮ ᠤᠨ ᠬᠢᠨ ᠤ ᠭᠠᠯ | ᠤᠨᠳᠠᠷᠠᠭᠠᠵᠤ ᠭᠠᠯ ᠰᠡᠷᠭᠡᠶᠢᠯᠡᠬᠦ ᠳᠤ ᠠᠩᠬᠠᠷᠤᠯ ᠲᠠᠯᠪᠢᠵᠤ᠂ ᠭᠠᠯ ᠤᠨᠳᠠᠷᠠᠭᠠᠵᠤ ᠭᠠᠯ ᠰᠡᠷᠭᠡᠶᠢᠯᠡᠬᠦ ᠶᠢ ᠤᠶᠢᠯᠠᠭᠠᠬᠤ | ᠳᠤ ᠵᠢᠯᠣᠭᠤᠳᠬᠤ ᠦᠢᠯᠡᠳᠦᠯ ᠦᠵᠡᠭᠦᠯᠪᠡ᠃ | ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠢᠦᠢ ᠳ᠋ᠠ ᠮᠢᠩ ᠰᠡᠭᠦᠳᠡᠷᠯᠡᠨ | ᠮᠡᠳᠡᠭᠡᠯᠡᠪᠡ |