12 ᠳ᠋ᠤᠭᠠᠷ ᠰᠠᠷ᠎ᠠ ᠶᠢᠨ 8 ᠤ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠭᠤᠯᠪᠠ᠃ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠤᠭᠤᠷᠢᠭ ᠤᠨ | ᠳᠠᠷᠤᠭ᠎ᠠ ᠹᠠᠨ ᡁᠢ ᠵᠦᠩ ᠬᠤᠷᠠᠯ ᠢ ᠡᠷᠬᠢᠯᠡᠪᠡ᠃ ᠲᠤᠭᠤᠷᠢᠭ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ | ᠤᠳᠤᠷᠢᠳᠤᠯᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠵᠢᠷᠭᠤᠳᠤᠭᠠᠷ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠤ ᠶᠢᠩ ᠬᠤᠷᠠᠯ ᠳᠤ ᠤᠷᠤᠯᠴᠠᠪᠠ᠃ | | | | | | ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ ᠲᠤᠰᠬᠠᠶ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠭᠦᠨᠵᠡᠭᠡᠶ ᠰᠤᠷᠤᠯᠴᠠᠵᠤ᠂ | ᠨᠠᠷᠢᠨ ᠬᠢᠨᠠᠮᠠᠭᠠᠶ ᠪᠠᠶᠢᠴᠠᠭᠠᠨ ᠡᠮᠬᠢᠯᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ | ᠭᠦᠨᠵᠡᠭᠡᠶ ᠪᠠᠶᠢᠴᠠᠭᠠᠨ ᠦᠵᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠰᠠᠶᠢᠨ | ᠰᠠᠭᠤᠷᠢ ᠶᠢ ᠲᠠᠯᠪᠢᠪᠠ᠃ | ᠬᠤᠷᠠᠯ ᠳᠡᠭᠡᠷ᠎ᠡ᠂ ᠹᠠᠨ ᡁᠢ ᠵᠦᠩ 2018 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠵᠦ᠂ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠦᠯᠦᠭᠡᠯᠡᠨ ᠪᠠᠶᠢᠴᠠᠭᠠᠨ ᠦᠵᠡᠬᠦ | ᠠᠵᠢᠯ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠪᠠᠶᠢᠴᠠᠭᠠᠨ ᠦᠵᠡᠬᠦ ᠶᠠᠷᠢᠶ᠎ᠠ ᠲᠠᠯᠪᠢᠪᠠ᠃ ᠳᠠᠷᠠᠭ᠎ᠠ ᠨᠢ᠂ | ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠬᠤᠪᠢ ᠬᠥᠮᠦᠨ ᠤ | ᠪᠠᠶᠢᠴᠠᠭᠠᠯᠲᠠ ᠬᠢᠭᠰᠡᠨ ᠪᠥᠭᠡᠳ ᠲᠥᠪ ᠴᠢᠩᠭ᠎ᠠ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ | | | | | | ᠣᠯᠠᠨ ᠤ ᠶᠠᠷᠢᠶ᠎ᠠ ᠭᠤᠤᠯ ᠰᠡᠳᠦᠪ ᠲᠠᠢ ᠨᠢᠭᠲᠠ ᠤᠶᠠᠯᠳᠤᠵᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠦᠪᠡᠷ ᠤᠨ ᠪᠡᠶ᠎ᠠ ᠶᠢᠨ ᠪᠠᠶᠢᠴᠠᠭᠠᠯᠲᠠ ᠴᠢᠩ ᠦᠨᠡᠨᠴᠢ᠂ ᠦᠨᠡᠨᠴᠢ ᠰᠢᠳᠤᠷᠭᠤ᠂ ᠬᠠᠷᠢᠯᠴᠠᠨ ᠰᠢᠭᠦᠮᠵᠢᠯᠡᠯ ᠨᠢ | ᠰᠢᠭᠤᠳ ᠰᠢᠯᠤᠭᠤᠨ᠂ ᠦᠨᠡᠨᠴᠢ ᠴᠠᠭᠠᠪᠤᠷ ᠲᠦᠪ ᠴᠢᠭᠡᠴᠢ ᠢᠶᠠᠷ ᠬᠠᠨᠳᠤᠵᠤ᠂ ᠠᠮᠢᠨ ᠭᠠᠵᠠᠷ ᠢ ᠵᠢᠭᠠᠵᠤ᠂ ᠨᠢᠭᠤᠷ | ᠤᠯᠠᠶᠢᠯᠭᠠᠨ ᠬᠥᠯᠥᠰᠥ ᠭᠠᠷᠭᠠᠬᠤ ᠦᠷ᠎ᠡ ᠪᠦᠲᠦᠮᠵᠢ ᠣᠯᠪᠠ︔ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ | ᠪᠣᠳᠠᠲᠤ ᠠᠵᠢᠯᠯᠠᠭ᠎ᠠ ᠶᠢ ᠡᠷᠬᠢᠮᠯᠡᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤ ᠴᠢᠨᠠᠷ ᠪᠠᠶᠢᠵᠤ᠂ | ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠬᠡᠷᠡᠭᠵᠢᠭᠦᠯᠬᠦ ᠬᠦᠴᠦᠨ ᠢ ᠭᠦᠢᠴᠡᠳ ᠢᠯᠡᠷᠡᠭᠦᠯᠵᠦ᠂ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠳᠠᠮᠵᠢᠨ᠂ ᠲᠤᠭᠤᠷᠢᠭ ᠤᠨ ᠵᠠᠰᠠᠭ ᠤᠨ ᠤᠷᠳᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠦᠵᠡᠯ ᠰᠠᠨᠠᠭ᠎ᠠ ᠶᠢ ᠨᠡᠪᠲᠡᠷᠬᠡᠶ ᠣᠶᠢᠯᠠᠭᠠᠵᠤ᠂ | ᠨᠡᠯᠢᠶᠡᠳ ᠥᠨᠳᠥᠷ ᠤᠯᠤᠰ ᠲᠥᠷᠥ ᠶᠢᠨ ᠵᠤᠭᠰᠤᠴᠠ ᠪᠠ ᠪᠠᠲᠤ ᠴᠢᠩᠭ᠎ᠠ ᠤᠯᠤᠰ ᠲᠥᠷᠥ ᠶᠢᠨ ᠢᠲᠡᠭᠡᠯ ᠵᠣᠷᠢᠭ ᠢ | ᠢᠯᠡᠷᠡᠭᠦᠯᠪᠡ᠃ | ᠹᠠᠨ ᡁᠢ ᠵᠦᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ | ᠲᠦᠯᠦᠭᠡᠯᠡᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠣᠶᠤᠨ ᠴᠢᠳᠠᠯ ᠢᠶᠠᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠡᠭᠡᠷ᠎ᠡ ᠲᠠᠯᠪᠢᠵᠤ᠂ ᠭᠤᠤᠯ ᠰᠡᠳᠦᠪᠲᠦ ᠬᠦᠮᠦᠵᠢᠯ ᠤᠨ ᠤᠷᠠᠮᠰᠢᠭᠤᠯᠤᠭᠰᠠᠨ | ᠬᠥᠳᠡᠯᠭᠡᠬᠦ ᠬᠦᠴᠦᠨ ᠢ ᠦᠨᠡᠨᠬᠦ ᠠᠵᠢᠯ ᠤᠨᠲ᠋ᠤᠮᠳᠠ ᠲᠥᠪᠯᠡᠷᠡᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ | ᠠᠵᠢᠯ ᠤᠨ ᠳᠡᠭᠡᠷ᠎ᠡ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | |