ᠲᠦᠷᠦᠭᠦᠦ 10 ᠰᠠᠷ᠎ᠠ ᠳᠤ ᠬᠤᠲᠠ ᠶᠢᠨ ᠡᠳ᠋ ᠤᠨ ᠵᠠᠰᠠᠭ ᠠᠴᠠ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ 7.36 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019-12-10
       ︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠮᠠᠨ ᠤ ᠬᠤᠲᠠ ᠶᠢᠨ ᠡᠳ᠋ ᠤᠨ ᠵᠠᠰᠠᠭ ᠰᠤᠷᠭᠠᠨ ᠬᠥᠮᠥᠵᠢᠯ ᠤᠨ ᠬᠥᠭᠵᠢᠯᠲᠡ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠮᠠᠨ ᠤ ᠬᠤᠲᠠ ᠶᠢᠨ ᠰᠤᠷᠭᠠᠨ ᠬᠥᠮᠥᠵᠢᠯ ᠤᠨ ᠲᠥᠯᠥᠪᠵᠢᠭᠦᠯᠭᠡ ᠬᠥᠭᠵᠢᠯᠲᠡ ᠶᠢᠨ ᠬᠥᠲᠥᠯᠪᠦᠷᠢ ᠶᠢᠨ ᠵᠣᠷᠢᠭ ᠰᠠᠨᠠᠭ᠎ᠠ ᠵᠢᠴᠢ ᠰᠤᠷᠭᠠᠨ ᠬᠥᠮᠥᠵᠢᠯ ᠤᠨ ᠣᠷᠣᠭᠤᠯᠤᠯᠲᠠ ᠶᠢ ᠴᠢᠩᠭᠠᠳᠬᠠᠬᠤ ᠲᠤᠬᠠᠢ ᠰᠢᠷᠢᠰ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠰᠤᠷᠭᠠᠨ ᠬᠥᠮᠥᠵᠢᠯ ᠤᠨ ᠣᠷᠣᠭᠤᠯᠤᠯᠲᠠ ᠪᠠᠨ ᠴᠢᠩᠭᠠᠳᠬᠠᠵᠤ᠂ ᠪᠦᠬᠦ ᠬᠤᠲᠠ ᠶᠢᠨ ᠰᠤᠷᠭᠠᠨ ᠬᠥᠮᠥᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃      ᠪᠠᠭᠤᠯᠭᠠᠭᠰᠠᠨ ᠪᠡᠯᠡ ᠮᠥᠩᠭᠦ ᠶᠢ ᠭᠤᠣᠯᠳᠠᠭᠤ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠠᠮᠲᠤ ᠶᠢᠨ ᠬᠤᠭᠤᠯᠠ ᠲᠣᠬᠢᠷᠠᠭᠤᠯᠤᠯᠲᠠ ᠶᠢᠨ ᠪᠦᠬᠦ ᠶᠠᠪᠤᠴᠠ ᠶᠢᠨ ᠸᠢᠳᠢᠣ᠋ ᠬᠢᠨᠠᠨ ᠡᠵᠡᠮᠳᠡᠯ ᠪᠠ ᠴᠢᠮᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠠᠵᠢᠯ ᠤᠨ ᠪᠡᠯᠡ ᠮᠥᠩᠭᠦ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠶᠢᠨ ᠨᠥᠬᠦᠪᠦᠷᠢ ᠶᠢᠨ ᠪᠡᠯᠡ ᠮᠥᠩᠭᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠨᠥᠬᠦᠪᠦᠷᠢ ᠶᠢᠨ ᠪᠡᠯᠡ ᠮᠥᠩᠭᠦ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠨᠥᠬᠦᠪᠦᠷᠢ ᠶᠢᠨ ᠪᠡᠯᠡ ᠮᠥᠩᠭᠦ᠂ ᠬᠡᠥᠬᠡᠳ ᠤᠨ ᠬᠠᠶᠢᠨ ᠰᠥᠪᠡᠭᠴᠢᠯᠡᠯᠲᠡ ᠶᠢᠨ ᠮᠦᠽᠧᠢ ᠶᠢᠨ ᠢᠨᠵᠧᠨᠧᠷᠢᠩ ᠤᠨ ᠵᠠᠷᠤᠳᠠᠯ᠂ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠂ ᠲᠡᠦᠬᠡ ᠰᠣᠶᠣᠯ ᠤᠨ ᠨᠡᠷᠡᠲᠦ ᠬᠤᠲᠠ ᠶᠢ ᠴᠤᠭᠴᠠᠯᠠᠬᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠵᠢᠴᠢ ᠵᠠᠰᠠᠵᠤ ᠪᠠᠶᠢᠭᠤᠯᠬᠤ ᠪᠡᠯᠡ ᠮᠥᠩᠭᠦ᠂ ᠷᠠᠳᠢᠣ᠋ ᠲᠧᠯᠸᠢᠰ ᠤᠨ ᠪᠦᠷᠬᠦᠯᠲᠡ ᠶᠢᠨ ᠠᠵᠢᠯᠯᠠᠭᠤᠯᠵᠤ ᠬᠠᠮᠠᠭᠠᠯᠠᠬᠤ  ᠪᠡᠯᠡ ᠮᠦᠩᠭᠦ  ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠲᠦᠭᠡᠮᠡᠯᠵᠢᠭᠦᠯᠬᠦ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠪᠡᠶᠡᠴᠢᠯᠡᠨ ᠤᠶᠢᠯᠠᠭᠠᠬᠤ  ᠦᠷᠦᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠬᠤᠲᠠ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠳᠡᠮᠵᠢᠬᠦ ᠪᠡᠯᠡ ᠮᠥᠩᠭᠦ ᠵᠡᠷᠭᠡ ᠲᠠᠯ᠎ᠠ ᠳᠤ ᠬᠡᠷᠡᠭᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号