ᠬᠦᠬᠡᠬᠤᠳᠠ ᠶᠢᠨ ᠳᠦᠷᠪᠡᠳᠦᠬᠡᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠥᠵᠢᠯ ᠤᠨ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2019-12-10
     12 ᠰᠠᠷ᠎ᠠ ᠶᠢᠨ 5 ᠤ ᠡᠳᠦᠷ᠂ ︽ᠦᠨᠡᠨ᠂ ᠰᠠᠶᠢᠨ᠂ ᠰᠠᠶᠢᠬᠠᠨ︾ ᠢᠶᠠᠷ ᠭᠤᠤᠯ ᠰᠡᠳᠦᠪ ᠪᠤᠯᠭᠠᠬᠰᠠᠨ ᠬᠦᠬᠡᠬᠤᠳᠠ ᠶᠢᠨ ᠳᠦᠷᠪᠡᠳᠦᠬᠡᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠥᠵᠢᠯ ᠤᠨ ᠨᠠᠶᠢᠷ ᠬᠦᠬᠡᠬᠤᠳᠠ ᠶᠢᠨ ᠦᠨᠳᠦᠰᠦᠳᠡᠨ ᠤ ᠤᠷᠠᠨ ᠵᠢᠷᠤᠭ ᠤᠨ ᠤᠷᠳᠤᠨ ᠳᠤ ᠶᠠᠪᠤᠬᠳᠠᠪᠠ᠃ ᠠᠵᠢᠯᠯᠠᠭ᠎ᠠ ᠳᠤ᠂ 15 ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠢᠯᠡᠳᠦᠯᠭᠡ ᠶᠢᠨ ᠭᠠᠵᠠᠷ ᠤᠨ ᠬᠢᠨ ᠴᠠᠭᠠᠰᠤᠨ ᠬᠠᠶᠢᠴᠢᠯᠠᠮᠠᠯ᠂ ᠰᠡᠬᠦᠳᠡᠷ ᠰᠢ᠂ ᠬᠠᠳᠬᠤᠮᠠᠯ᠂ ᠪᠠᠷ ᠵᠢᠷᠤᠭ᠂ ᠠᠷᠠᠳ ᠤᠨ ᠭᠠᠷ ᠤᠷᠠᠯᠠᠯ ᠵᠡᠷᠬᠡ ᠰᠢᠯᠢᠳᠡᠭ ᠤᠯᠠᠮᠵᠢᠯᠠᠯᠳᠤ ᠤᠷᠠᠯᠢᠭ ᠤᠨ ᠳᠦᠷᠦᠯ ᠵᠦᠢᠯ ᠢ ᠳᠡᠯᠬᠡᠨ ᠦᠵᠡᠬᠦᠯᠵᠥ᠂ ᠦᠷᠬᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠣᠶᠣᠯ ᠤᠨ ᠭᠤᠤᠯ ᠴᠤᠬᠴᠠᠳᠤ ᠤᠬᠠᠮᠰᠠᠷ ᠪᠤᠯᠤᠨ ᠪᠦᠳᠦᠬᠡᠯᠴᠢ ᠤᠬᠠᠮᠰᠠᠷ ᠢ ᠭᠠᠶᠢᠬᠠᠭᠤᠯᠤᠬᠰᠠᠨ ᠪᠠᠶᠢᠨ᠎ᠠ᠃ ᠵᠢᠷᠤᠭ ᠪᠤᠯ᠂ ᠢᠦ᠋ᠢᠴᠢᠤᠸᠠᠨ ᠳᠤᠭᠤᠷᠢᠭ ᠤᠨ ᠵᠠᠯᠠᠭᠤᠴᠤᠳ ᠪᠠᠭᠠᠴᠤᠳ ᠤᠨ ᠤᠷᠳᠤᠨ ᠤ ︽ᠪᠦᠳᠦᠬᠡᠯᠴᠢ ᠦᠢᠯᠡᠳᠬᠡᠯ︾ ᠤᠨ ᠪᠠᠭᠰᠢ ᠠᠴᠠ ᠰᠤᠷᠤᠬᠴᠢᠳ ᠲᠤ ᠳᠡᠷᠯᠢᠭ ᠤᠶᠤᠬᠤ ᠶᠢ ᠵᠢᠭᠠᠨ ᠵᠢᠯᠤᠭᠤᠳᠴᠤ ᠪᠠᠶᠢᠭ᠎ᠠ ᠨᠢ᠃ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号