ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠣᠣ ᠨᠠᠷᠠᠨᠲᠤᠶᠠᠭ᠎ᠠ︶ | ᠰᠤᠷᠪᠤᠯᠵᠢᠯᠠᠭᠴᠢ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠣᠶᠢᠯᠭᠠᠭᠰᠠᠨ ᠢᠶᠠᠷ᠂ ᠡᠨᠡ ᠵᠢᠯ ᠮᠠᠨ ᠤ ᠤᠷᠤᠨ ᠦᠨᠳᠦᠷ ᠬᠡᠪ | ᠪᠤᠯᠪᠠᠰᠤᠷᠠᠯ ᠲᠠᠢ ᠮᠠᠯᠴᠢᠨ ᠲᠠᠷᠢᠶᠠᠴᠢᠨ ᠤ ᠬᠦᠮᠦᠵᠢᠯ ᠪᠤᠯᠪᠠᠰᠤᠷᠠᠯ ᠢ ᠴᠢᠩᠭᠠᠳᠬᠠᠵᠤ᠂ ᠡᠵᠡᠩᠨᠡᠨ ᠬᠠᠮᠢᠶᠠᠷᠬᠤ | ᠬᠡᠯᠪᠡᠷᠢ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠪᠠ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠪᠠᠷ | ᠤᠳᠤᠷᠢᠳᠤᠮᠵᠢ ᠪᠤᠯᠭᠠᠵᠤ᠂ 2.6 ᠲᠦᠮᠡᠨ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠮᠠᠯᠴᠢᠨ | ᠲᠠᠷᠢᠶᠠᠴᠢᠨ ᠢ ᠪᠣᠶᠢᠵᠢᠭᠤᠯᠵᠠᠢ᠃ | ᠡᠨᠡ ᠵᠢᠯ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ | ᠰᠢᠨ᠎ᠡ ᠬᠡᠯᠪᠡᠷᠢ ᠶᠢᠨ ᠲᠤᠬᠠᠢᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠲᠦᠷᠦᠯ ᠵᠦᠢᠯ ᠢ | ᠬᠡᠷᠡᠭᠵᠢᠭᠦᠯᠬᠦ ᠲᠦᠰᠦᠯ︾ ᠢ ᠲᠤᠭᠳᠠᠭᠠᠵᠤ ᠲᠠᠷᠤᠮᠠᠯᠯᠠᠨ ᠲᠠᠷᠬᠠᠭᠠᠵᠤ᠂ ᠰᠢᠨ᠎ᠡ ᠬᠡᠯᠪᠡᠷᠢ ᠶᠢᠨ ᠮᠠᠯ ᠠᠵᠤ ᠠᠬᠤᠢ | ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢᠨ ᠲᠠᠭᠠᠭᠤᠯᠤᠭᠴᠢ ᠶᠢ ᠡᠭᠡᠯᠵᠢᠯᠡᠨ ᠪᠤᠯᠪᠠᠰᠤᠷᠠᠭᠤᠯᠬᠤ | ᠲᠦᠯᠦᠪᠯᠡᠭᠡ᠂ ᠤᠳᠤ ᠦᠶ᠎ᠡ ᠶᠢᠨ ᠵᠠᠯᠠᠭᠤ ᠲᠠᠷᠢᠶᠠᠯᠠᠩ ᠤᠨ ᠲᠠᠯᠠᠪᠠᠢ ᠶᠢᠨ ᠡᠵᠡᠨ ᠢ ᠪᠤᠶᠢᠵᠢᠭᠤᠯᠬᠤ ᠲᠦᠯᠦᠪᠯᠡᠭᠡ᠂ | ᠬᠦᠳᠡᠭᠡ ᠲᠣᠰᠬᠤᠨ ᠤ ᠬᠡᠷᠡᠭᠯᠡᠭᠡᠨ ᠤ ᠲᠠᠭᠠᠭᠤᠯᠤᠭᠴᠢ ᠶᠢ ᠪᠤᠯᠪᠠᠰᠤᠷᠠᠭᠤᠯᠬᠤ ᠲᠦᠯᠦᠪᠯᠡᠭᠡ ᠪᠠ ᠮᠠᠯ ᠠᠵᠤ ᠠᠬᠤᠢ | ᠲᠠᠷᠢᠶᠠᠯᠠᠩ ᠤᠨ ᠠᠵᠤ ᠦᠢᠯᠡᠰ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠤᠯᠪᠠᠰᠤᠷᠠᠯ ᠤᠨ ᠲᠦᠯᠦᠪᠯᠡᠭᠡ | ᠵᠡᠷᠭᠡ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠦᠷᠦᠯ ᠵᠦᠢᠯ ᠨᠢ ᠪᠦᠬᠦ ᠣᠷᠣᠨ ᠤ 12 ᠠᠶᠢᠮᠠᠭ ᠬᠤᠳᠠ᠂ 94 | ᠬᠤᠰᠢᠭᠤ ᠰᠢᠶᠠᠨ ︵ᠲᠤᠭᠤᠷᠢᠭ︶ ᠢ ᠬᠠᠮᠤᠷᠴᠠᠢ᠃ |