ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠡᠪᠦᠯ ᠤᠨ ᠤᠯᠠᠷᠢᠯ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ  ᠦᠷᠨᠢᠭᠦᠯᠪᠡ
ᠨᠡᠶᠢᠲᠡᠯᠡᠭᠰᠡᠨ ᠴᠠᠭ᠄
2019-12-11
     ᠠᠭᠠᠷ ᠤᠨ ᠳᠤᠯᠠᠭᠠᠨ ᠲᠠᠰᠤᠷᠠᠯᠲᠠ ᠦᠭᠡᠢ ᠪᠠᠭᠤᠷᠠᠬᠤ ᠶᠢ ᠳᠠᠭᠠᠯᠳᠤᠨ᠂ ᠡᠪᠦᠯ ᠤᠨ ᠤᠯᠠᠷᠢᠯ ᠤᠨ ᠴᠡᠴᠡᠷᠯᠢᠭ  ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠬᠤᠭᠤᠴᠠᠭ᠎ᠠ ᠬᠦᠷᠴᠦ ᠢᠷᠡᠵᠦ᠂ ᠤᠷᠭᠤᠮᠠᠯ ᠤᠨ ᠠᠮᠤᠷ ᠲᠦᠪᠰᠢᠨ ᠢᠶᠠᠷ ᠡᠪᠦᠯᠵᠢᠬᠦ ᠪᠠ ᠢᠷᠡᠬᠦ ᠵᠢᠯ ᠤᠨ ᠨᠠᠬᠢᠶᠠᠯᠠᠬᠤ ᠶᠢ ᠪᠠᠲᠤᠯᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠡᠪᠦᠯ ᠤᠨ ᠤᠯᠠᠷᠢᠯ ᠤᠨ ᠦᠵᠡᠮᠵᠢ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠡᠪᠦᠯ ᠤᠨ ᠤᠯᠠᠷᠢᠯ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃      11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠬᠢᠯᠡᠨ᠂ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠬᠠᠷᠢᠶ᠎ᠠ ᠣᠷᠣᠨ ᠤ ᠪᠠᠨ ᠨᠣᠭᠤᠭᠠᠷᠠᠭᠤᠯᠣᠯᠲᠠ ᠶᠢᠨ ᠭᠠᠵᠠᠷ᠂ ᠬᠦᠷᠢᠶ᠎ᠡ ᠬᠠᠰᠢᠶ᠎ᠠ᠂ ᠵᠠᠮ ᠤᠨ ᠣᠢ ᠮᠣᠳᠣᠨ ᠳᠤ ᠬᠥᠯᠳᠡᠬᠦ ᠠᠴᠠ ᠰᠡᠷᠭᠡᠶᠢᠯᠡᠬᠦ ᠤᠰᠤ ᠤᠰᠤᠯᠠᠬᠤ ᠠᠵᠢᠯ ᠬᠢᠪᠡ᠃ ᠣᠳᠣ ᠪᠤᠯᠲᠠᠯ᠎ᠠ ᠨᠢᠭᠡᠨᠲᠡ 185 ᠲᠡᠷᠭᠡ ᠭᠠᠷᠴᠠᠢ᠃ ᠡᠪᠦᠯ ᠤᠨ ᠤᠯᠠᠷᠢᠯ ᠳᠤ ᠴᠢᠬᠢ ᠮᠣᠳᠣ ᠶᠢ ᠬᠥᠯᠳᠡᠬᠦ ᠠᠴᠠ ᠰᠡᠷᠭᠡᠶᠢᠯᠡᠬᠦ ᠤᠰᠤ ᠶᠢ ᠤᠰᠤᠯᠠᠬᠤ ᠪᠣᠯ ᠴᠢᠬᠢ ᠮᠣᠳᠣᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠬᠥᠯᠳᠡᠬᠦ ᠠᠴᠠ ᠰᠡᠷᠭᠡᠶᠢᠯᠡᠬᠦ ᠤᠰᠤ ᠶᠢ ᠣᠰᠠᠯᠠᠬᠤ ᠨᠢ ᠳᠤᠤᠷᠠᠬᠢ ᠬᠡᠳᠦᠨ ᠦᠢᠯᠡᠳᠦᠯ ᠦᠵᠡᠭᠦᠯᠦᠨ᠎ᠡ᠂ ᠨᠢᠭᠡ ᠳᠤ ᠡᠪᠦᠯᠵᠢᠬᠦ ᠶᠢᠨ ᠬᠤᠭᠤᠴᠠᠭᠠᠨ ᠳᠤ ᠲᠣᠬᠢᠷᠠᠮᠵᠢᠲᠠᠶ ᠤᠰᠤᠨ ᠤ ᠬᠠᠩᠭᠠᠯᠭ᠎ᠠ ᠲᠠᠢ ᠪᠠᠶᠢᠬᠤ ᠶᠢ ᠪᠠᠲᠤᠯᠠᠵᠤ᠂ ᠡᠪᠦᠯ ᠤᠨ ᠤᠰᠤ ᠬᠠᠪᠤᠷ ᠴᠤ ᠬᠡᠷᠡᠭᠯᠡᠭᠡ ᠪᠠᠶᠢᠵᠤ᠂ ᠬᠠᠪᠤᠷ ᠭᠠᠩ ᠬᠠᠭᠰᠠᠷᠠᠭᠠᠨ ᠢ ᠰᠡᠷᠭᠡᠶᠢᠯᠡᠬᠦ ᠦᠷ᠎ᠡ ᠪᠦᠲᠦᠮᠵᠢ ᠲᠠᠢ ᠪᠠᠶᠢᠬᠤ︔ ᠬᠤᠶᠠᠷ ᠲᠤ᠂ ᠬᠥᠷᠥᠰᠥᠨ ᠤ ᠢᠯᠴᠢ ᠳᠠᠮᠵᠢᠭᠤᠯᠬᠤ ᠴᠢᠨᠠᠷ ᠢ ᠳᠡᠭᠡᠭᠰᠢᠯᠡᠭᠦᠯᠵᠦ᠂ ᠭᠠᠵᠠᠷ ᠤᠨ ᠭᠠᠳᠠᠷᠭᠤ ᠶᠢᠨ ᠳᠤᠯᠠᠭᠠᠨ ᠤ ᠲᠦᠷᠭᠡᠨ ᠬᠤᠪᠢᠷᠠᠯᠲᠠ ᠶᠢ ᠪᠦᠲᠦᠮᠵᠢᠲᠡᠶ ᠪᠠᠭᠠᠰᠬᠠᠵᠤ᠂ ᠳᠤᠯᠠᠭᠠᠨ ᠤ ᠬᠡᠮᠵᠢᠶ᠎ᠡ ᠰᠢᠷᠦᠭᠦᠨ ᠳᠡᠭᠡᠭᠰᠢᠯᠡᠵᠦ ᠳᠣᠷᠣᠭᠰᠢᠯᠠᠬᠤ ᠠᠴᠠ ᠪᠣᠯᠵᠤ ᠬᠥᠯᠳᠡᠬᠦ ᠠᠴᠠ ᠰᠡᠷᠭᠡᠶᠢᠯᠡᠬᠦ᠃ ᠭᠤᠷᠪᠠ ᠳᠤ᠂ ᠠᠩ ᠵᠠᠪᠰᠠᠷ ᠢ ᠨᠥᠬᠦᠪᠥᠷᠢᠯᠡᠵᠦ᠂ ᠡᠪᠦᠯ ᠦᠩᠭᠡᠷᠡᠭᠡᠬᠦ ᠳᠤ ᠬᠤᠤᠷᠲᠤ ᠬᠤᠷᠤᠬᠠᠶᠢᠲᠠᠬᠤ ᠶᠢ ᠪᠠᠭᠠᠰᠬᠠᠨ᠎ᠠ᠃      ᠡᠪᠦᠯ ᠤᠨ ᠤᠯᠠᠷᠢᠯ ᠪᠣᠯ ᠨᠤᠭᠤᠭᠠᠷᠠᠭᠤᠯᠤᠯᠲᠠ ᠶᠢᠨ ᠤᠷᠭᠤᠮᠠᠯ ᠢᠴᠡᠭᠡᠯᠡᠬᠦ ᠴᠠᠭ ᠬᠤᠭᠤᠴᠠᠭ᠎ᠠ᠂ ᠮᠥᠨ ᠴᠦ ᠡᠨᠧᠷᠭᠢ ᠬᠠᠳᠠᠭᠠᠯᠠᠵᠤ ᠢᠷᠡᠬᠦ ᠵᠢᠯ ᠤᠨ ᠤᠷᠭᠤᠯᠲᠠ ᠶᠢ ᠪᠠᠲᠤᠯᠠᠬᠤ ᠬᠠᠮᠤᠭ ᠰᠠᠶᠢᠨ ᠴᠠᠭ ᠬᠤᠭᠤᠴᠠᠭ᠎ᠠ ᠪᠣᠯᠤᠨ᠎ᠠ᠂ ᠳᠤᠯᠠᠭᠠᠨ ᠤ ᠬᠡᠮᠵᠢᠶ᠎ᠡ ᠳᠣᠤᠷ᠎ᠠ ᠰᠢᠮ᠎ᠡ ᠲᠡᠵᠢᠭᠡᠯ ᠤᠨ ᠬᠡᠮᠵᠢᠶ᠎ᠡ ᠪᠠᠭ᠎ᠠ᠂ ᠰᠢᠷᠬ᠎ᠠ ᠨᠢ ᠴᠦ ᠠᠮᠠᠷᠬᠠᠨ ᠰᠠᠯᠪᠢᠨ ᠵᠠᠰᠠᠬᠤ ᠪᠤᠶᠤ ᠡᠳᠡᠭᠡᠷᠡᠵᠦ᠂ ᠢᠷᠡᠬᠦ ᠵᠢᠯ ᠤᠨ ᠥᠰᠥᠯᠲᠡ ᠳᠤ ᠠᠰᠢᠭᠲᠠᠢ ᠪᠠᠶᠢᠳᠠᠭ᠃ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠶᠢᠨ ᠬᠠᠮᠲᠤ᠂ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠪᠠᠰᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠣᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号