ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠬᠤᠷᠳᠤᠨ ᠤ ᠭᠠᠯᠲᠤ ᠲᠡᠷᠭᠡ ᠶᠢ ᠲᠤᠷᠰᠢᠨ ᠠᠶᠠᠯᠠᠭᠤᠯᠪᠠ
ᠨᠡᠶᠢᠲᠡᠯᠡᠭᠰᠡᠨ ᠴᠠᠭ᠄
2019-12-12
     ᠪᠡᠭᠡᠵᠢᠩ ᠤᠨ  ᠭᠠᠯᠲᠤ ᠲᠡᠷᠭᠡᠨ ᠤ ᠬᠤᠶᠢᠲᠤ ᠥᠷᠲᠡᠭᠡᠨ ᠠᠴᠠ ᠮᠣᠷᠳᠠᠭᠰᠠᠨ G2045 ᠨᠣᠮᠧᠷᠲᠤ ᠬᠤᠷᠳᠤᠨ ᠤ ᠭᠠᠯᠲᠤ ᠲᠡᠷᠭᠡ 12 ᠳ᠋ᠤᠭᠠᠷ ᠰᠠᠷ᠎ᠠ ᠶᠢᠨ 11 ᠤ ᠦᠳᠡ ᠶᠢᠨ ᠡᠮᠦᠨ᠎ᠡ ᠶᠢᠨ 10 ᠴᠠᠭ 36 ᠮᠢᠨᠦ᠋ᠲ  ᠲᠤ ᠬᠥᠬᠡᠬᠤᠲᠠ ᠶᠢᠨ ᠵᠡᠭᠦᠨ ᠥᠷᠲᠡᠭᠡᠨ ᠳᠤ  ᠬᠦᠷᠬᠦ ᠶᠢ ᠳᠠᠭᠠᠯᠳᠤᠨ ᠪᠡᠭᠡᠵᠢᠩ ᠠᠴᠠ ᠬᠥᠬᠡᠬᠤᠲᠠ ᠬᠦᠷᠬᠦ ᠬᠤᠷᠳᠤᠨ ᠤ ᠭᠠᠯᠲᠤ ᠲᠡᠷᠭᠡ ᠶᠢ ᠠᠩᠬ᠎ᠠ ᠤᠳᠠᠭ᠎ᠠ ᠲᠣᠭᠲᠠᠭᠰᠠᠨ ᠲᠥᠯᠥᠪᠯᠡᠭᠡ ᠶᠣᠰᠣᠭᠠᠷ ᠪᠦᠬᠦ ᠱᠤᠭᠤᠮ ᠢᠶᠠᠷ ᠨᠢ ᠲᠤᠷᠰᠢᠨ ᠠᠶᠠᠯᠠᠭᠤᠯᠤᠭᠰᠠᠨ ᠪᠠᠶᠢᠨ᠎ᠠ᠃      ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠬᠤᠷᠳᠤᠨ ᠤ ᠭᠠᠯᠲᠤ ᠲᠡᠷᠭᠡ ᠶᠢ  ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠳᠤᠨ ᠤ ᠭᠠᠯᠲᠤ ᠲᠡᠷᠭᠡ ᠪᠣᠯᠣᠨ ᠳ᠋ᠠᠲ᠋ᠦ᠋ᠩ ᠠᠴᠠ ᠴᠢᠭᠤᠯᠤᠯᠲᠤ ᠬᠠᠭᠠᠯᠭ᠎ᠠ ᠬᠦᠷᠬᠦ ᠬᠤᠷᠳᠤᠨ ᠤ ᠭᠠᠯᠲᠤ ᠲᠡᠷᠭᠡ ᠲᠠᠢ ᠬᠠᠮᠲᠤ  ᠡᠨᠡ ᠵᠢᠯ ᠤᠨ ᠡᠴᠦᠰ ᠲᠤ ᠠᠯᠪᠠᠨ ᠶᠣᠰᠣᠭᠠᠷ ᠠᠰᠢᠭᠯᠠᠯᠲᠠ  ᠳᠤ ᠣᠷᠣᠭᠤᠯᠬᠤ ᠪᠣᠯᠣᠨ᠎ᠠ  ᠃  ᠵᠢᠱᠢᠵᠦ ᠪᠠᠶᠢᠬᠤ ᠪᠠᠷ᠂  ᠲᠤᠬᠠᠢ ᠶᠢᠨ ᠦᠶ᠎ᠡ ᠳᠤ ᠬᠥᠬᠡᠬᠤᠲᠠ ᠪᠡᠭᠡᠵᠢᠩ ᠤᠨ ᠬᠤᠭᠤᠷᠣᠨᠳᠤ ᠳᠤᠮᠳᠠᠴᠢ ᠪᠠᠷ ᠡᠳᠦᠷ ᠪᠣᠯᠭᠠᠨ 20 ᠴᠤᠪᠤᠭ᠎ᠠ ᠬᠤᠷᠳᠤᠨ ᠤ ᠭᠠᠯᠲᠤ ᠲᠡᠷᠭᠡ ᠠᠶᠠᠯᠠᠭᠤᠯᠬᠤ ᠪᠣᠯᠣᠨ᠎ᠠ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号