ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠮᠡᠳᠡᠯᠭᠡ ᠶᠢᠨ ᠠᠰᠠᠭᠤᠯᠳᠠ ᠬᠠᠷᠢᠭᠤᠯᠳᠠ
ᠨᠡᠶᠢᠲᠡᠯᠡᠭᠰᠡᠨ ᠴᠠᠭ᠄
2019-12-12
      ᠨᠢᠭᠡ᠂ ᠤᠯᠠᠨ ᠲᠦᠮᠡᠨ ᠳᠤ ᠬᠠᠨᠳᠤᠭᠤᠯᠤᠭᠰᠠᠨ ᠡᠩ ᠤᠨ ᠮᠡᠳᠡᠯᠭᠡ      1. ᠶᠠᠭᠤ ᠶᠢ ᠬᠤᠯᠤᠭᠠᠨ᠎ᠠ ᠶᠢᠨ ᠬᠢᠵᠢᠭ ᠬᠡᠬᠦ ᠪᠤᠢ︖      ᠬᠤᠯᠤᠭᠠᠨ᠎ᠠ ᠶᠢᠨ ᠬᠢᠵᠢᠭ ᠪᠤᠯ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠺᠲ᠋ᠧᠷᠢ ᠠᠴᠠ ᠡᠬᠦᠰᠦᠭᠰᠡᠨ ᠨᠢᠭᠡ ᠵᠦᠢᠯ ᠤᠨ ᠡᠪᠡᠳᠴᠢᠨ ᠡᠬᠦᠰᠬᠦ ᠨᠢ ᠳᠦᠷᠬᠡᠨ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠦᠬᠦᠬᠦ ᠨᠤᠷᠮ᠎ᠠ  ᠪᠠᠷ ᠦᠨᠳᠦᠷ ᠬᠠᠯᠳᠠᠪᠤᠷᠢᠳᠤ ᠡᠪᠡᠳᠴᠢᠨ ᠪᠤᠯᠤᠨ᠎ᠠ᠃ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ᠬᠦᠬᠡ ᠳᠦᠷᠦᠯ ᠤᠨ ᠬᠠᠯᠳᠠᠪᠤᠷᠢᠳᠤ ᠡᠪᠡᠳᠴᠢᠨ ᠢᠶᠠᠷ ᠵᠢᠭᠰᠠᠭᠠᠵᠠᠢ᠃      2. ᠬᠤᠯᠤᠭᠠᠨ᠎ᠠ ᠶᠢᠨ ᠬᠢᠵᠢᠭ ᠤᠨ ᠭᠤᠤᠯ ᠬᠠᠯᠳᠠᠪᠤᠷᠢᠯᠠᠬᠤ ᠰᠤᠷᠪᠤᠯᠵᠢ ᠪᠤᠯᠤᠨ ᠬᠠᠯᠳᠠᠪᠤᠷᠢᠯᠠᠬᠤ ᠵᠠᠮ ᠨᠢ ᠶᠠᠭᠤ ᠪᠤᠢ︖      ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠺᠲ᠋ᠧᠷᠢ ᠳᠤ ᠨᠡᠷᠪᠡᠭᠳᠡᠬᠦ ᠬᠤᠯᠤᠭᠠᠨ᠎ᠠ ᠶᠢᠨ ᠳᠦᠷᠦᠯ ︵ᠳᠠᠷᠪᠠᠭ᠎ᠠ︶᠂ ᠬᠡᠬᠡᠷ᠎ᠡ ᠶᠢᠨ ᠳᠠᠤᠯᠠᠢ᠂ ᠦᠨᠡᠭᠡ᠂ ᠴᠢᠨ᠋ᠸ᠎ᠠ᠂ ᠨᠤᠬᠠᠢ᠂ ᠮᠤᠤᠷ᠂ ᠵᠡᠬᠡᠷ᠎ᠡ ᠵᠡᠷᠭᠡ ᠠᠮᠢᠳᠠᠨ ᠪᠤᠯ ᠬᠤᠯᠤᠭᠠᠨ᠎ᠠ ᠶᠢᠨ ᠬᠢᠵᠢᠭ ᠤᠨ ᠭᠤᠤᠯ ᠬᠢᠵᠢᠭ ᠬᠠᠯᠳᠠᠪᠤᠷᠢᠯᠠᠬᠤ ᠠᠮᠢᠳᠠᠨ ᠮᠦᠨ᠂ ᠪᠠᠰᠠᠴᠤ ᠬᠢᠵᠢᠭ ᠤᠨ ᠰᠤᠷᠪᠤᠯᠵᠢ  ᠶᠢᠨ ᠠᠮᠢᠳᠠᠨ ᠭᠡᠳᠡᠭ᠃ ᠬᠤᠯᠤᠭᠠᠨ᠎ᠠ ᠶᠢᠨ ᠬᠢᠵᠢᠭ ᠨᠢ ᠪᠠᠰᠠ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠳᠡᠨ ᠢᠶᠠᠷ ᠳᠠᠮᠵᠢᠨ ᠬᠦᠮᠦᠨ ᠳᠤ ᠬᠠᠯᠳᠠᠪᠤᠷᠢᠯᠠᠨ᠎ᠠ᠃      ᠡᠳᠤᠷ ᠳᠤᠳᠤᠮ ᠤᠨ ᠦᠢᠯᠡᠳᠪᠦᠷᠢᠯᠡᠯ ᠠᠮᠢᠳᠤᠷᠠᠯ ᠳᠤᠮᠳᠠ᠂ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠭᠤᠤᠯ ᠪᠤᠯᠬᠤ ᠵᠠᠮ ᠳᠤ᠂ ᠨᠢᠭᠡ ᠨᠢ ᠨᠤᠬᠠᠢ ᠶᠢᠨ ᠪᠦᠬᠡᠰᠦᠨ ᠳᠤ ᠬᠠᠵᠠᠭᠳᠠᠬᠤ ᠪᠠᠷ ᠳᠠᠮᠵᠢᠨ ᠬᠠᠯᠳᠠᠪᠤᠷᠢᠯᠠᠨ᠎ᠠ᠃ ᠨᠤᠬᠠᠢ ᠶᠢᠨ ᠪᠦᠬᠡᠰᠦ ᠨᠢ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠪᠤᠶᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠠᠮᠢᠳᠠᠨ ᠢ ᠬᠠᠵᠠᠭᠰᠠᠨ ᠤ ᠳᠠᠷᠠᠭ᠎ᠠ᠂ ᠳᠠᠬᠢᠨ ᠬᠦᠮᠦᠨ ᠢ ᠬᠠᠵᠠᠪᠠᠯ᠂ ᠬᠦᠮᠦᠨ ᠳᠤ ᠡᠨᠡ ᠬᠦ ᠡᠪᠡᠳᠴᠢᠨ ᠤ ᠪᠺᠲ᠋ᠧᠷᠢ ᠬᠠᠯᠳᠠᠪᠤᠷᠢᠯᠠᠨ᠎ᠠ᠃ ᠬᠤᠶᠠᠷ ᠲᠤ᠂ ᠰᠢᠭᠤᠳ ᠬᠦᠷᠦᠯᠴᠡᠬᠦ ᠪᠠᠷ ᠳᠠᠮᠵᠢᠨ ᠬᠠᠯᠳᠠᠪᠤᠷᠢᠯᠠᠨ᠎ᠠ᠃ ᠬᠦᠮᠦᠰ ᠠᠪᠠ ᠠᠩᠨᠠᠬᠤ᠂ ᠠᠯᠠᠵᠤ ᠨᠢᠳᠣᠯᠬᠤ᠂ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠠᠮᠢᠳᠠᠨ ᠢ ᠰᠢᠢᠳᠪᠦᠷᠢᠯᠡᠬᠦ ᠦᠶ᠎ᠡ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠺᠲ᠋ᠧᠷᠢ ᠨᠢ ᠬᠦᠮᠦᠰ ᠤᠨ ᠠᠷᠠᠰᠤᠨ ᠳᠡᠭᠡᠷᠡᠬᠢ ᠰᠢᠷᠬ᠎ᠠ ︵ᠳᠦᠢᠯ ᠤᠨ ᠵᠢᠵᠢᠭ ᠰᠢᠷᠬ᠎ᠠ︶ ᠪᠠᠷ ᠳᠠᠮᠵᠢᠨ ᠬᠦᠮᠦᠨ ᠤ ᠪᠠᠶ᠎ᠠ ᠳᠤ ᠤᠷᠤᠵᠤ᠂ ᠬᠦᠮᠦᠰ ᠲᠤ ᠬᠠᠯᠳᠠᠪᠤᠷᠢᠯᠠᠨ᠎ᠠ᠃ ᠭᠤᠷᠪᠠ ᠳᠤ᠂ ᠰᠢᠯᠦᠰᠦ ᠪᠠᠷ ᠳᠠᠮᠵᠢᠨ ᠬᠠᠯᠳᠠᠪᠤᠷᠢᠯᠠᠨ᠎ᠠ᠃ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠳᠡᠨ ᠪᠤᠶᠤ ᠠᠮᠢᠳᠠᠨ ᠠᠮᠢᠰᠬᠤᠬᠤ᠂ ᠬᠠᠨᠢᠶᠠᠬᠤ ᠵᠡᠷᠬᠡ ᠪᠠᠷ ᠳᠠᠮᠵᠢᠨ ᠬᠤᠯᠤᠭᠠᠨ᠎ᠠ ᠶᠢᠨ ᠬᠢᠵᠢᠭ  ᠤᠨ ᠰᠠᠪᠬᠠᠨᠴᠢᠷ ᠪᠺᠲ᠋ᠧᠷᠢ ᠶᠢ ᠡᠷᠬᠢᠨ ᠳᠤᠭᠤᠷᠢᠨ ᠤ ᠠᠭᠠᠷ ᠲᠤ ᠳᠠᠷᠬᠠᠭᠠᠵᠤ᠂ ᠠᠭᠤᠰᠬᠢᠨ ᠤ ᠬᠤᠯᠤᠭᠠᠨ᠎ᠠ ᠶᠢᠨ ᠬᠢᠵᠢᠭ ᠢ ᠳᠠᠮᠵᠢᠭᠤᠯᠤᠨ᠎ᠠ᠃      3. ᠶᠠᠮᠠᠷ ᠶᠠᠮᠠᠷ ᠠᠵᠢᠯᠯᠠᠭ᠎ᠠ ᠨᠢ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠳᠦᠭᠰᠢᠬᠦᠷᠢ ᠶᠢ ᠨᠡᠮᠡᠭᠳᠡᠬᠦᠯᠳᠡᠭ ᠪᠤᠢ︖      ᠬᠦᠮᠦᠰ ᠬᠤᠯᠤᠭᠠᠨ᠎ᠠ ᠶᠢᠨ ᠬᠢᠵᠢᠭ ᠢ ᠠᠶᠠᠨᠳᠠᠭᠠᠨ ᠡᠰᠡᠷᠬᠦᠴᠡᠬᠦ ᠴᠢᠳᠠᠪᠤᠷᠢ ᠪᠠᠶᠢᠬᠤ ᠦᠭᠡᠢ᠂ ᠳᠤᠬᠠᠶᠢᠯᠠᠪᠠᠯ ᠳᠤᠤᠷᠠᠬᠢ ᠠᠵᠢᠯᠯᠠᠭ᠎ᠠ ᠳᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠳᠦᠭᠰᠢᠬᠦᠷᠢ ᠨᠡᠮᠡᠭᠳᠡᠳᠡᠭ᠃ ︵1︶ ᠬᠢᠵᠢᠭ ᠭᠡᠮ ᠲᠠᠢ ᠠᠮᠢᠳᠠᠨ ᠢ ᠠᠩᠨᠠᠬᠤ᠃ ︵2︶ ᠬᠢᠵᠢᠭ ᠡᠮ ᠲᠠᠢ ᠠᠮᠢᠳᠠᠨ ᠤ ᠠᠷᠠᠰᠤ ᠶᠢ ᠦᠪᠴᠢᠬᠦ᠂ ᠰᠢᠢᠳᠪᠦᠷᠢᠯᠡᠬᠦ᠃ ︵3︶ ᠬᠢᠵᠢᠭ ᠭᠡᠮ ᠲᠠᠢ ᠠᠮᠢᠳᠠᠨ ᠪᠠ ᠳᠡᠬᠦᠨ ᠤ ᠪᠦᠳᠦᠬᠡᠭᠳᠡᠬᠦᠨ ᠢ ᠠᠪᠴᠤ ᠶᠠᠪᠤᠬᠤ᠃ ︵4︶ ᠬᠤᠯᠤᠭᠠᠨ᠎ᠠ ᠶᠢᠨ ᠬᠢᠵᠢᠭ ᠤᠨ ᠡᠬᠦᠰᠦᠯ ᠤᠨ ᠤᠷᠤᠨ ᠳᠤ ᠬᠢᠵᠢᠭ ᠢᠶᠠᠷ ᠦᠬᠦᠭᠰᠡᠨ ᠬᠤᠯᠤᠭᠠᠨ᠎ᠠ ᠶᠢᠨ ᠳᠦᠷᠦᠯ ︵ᠳᠠᠷᠪᠠᠭ᠎ᠠ︶᠂ ᠬᠡᠬᠡᠷ᠎ᠡ ᠶᠢᠨ ᠳᠠᠤᠯᠠᠢ᠂ ᠦᠨᠡᠭᠡ᠂ ᠨᠤᠬᠠᠢ᠂ ᠮᠤᠤᠷ᠂ ᠵᠡᠬᠡᠷ᠎ᠡ ᠵᠡᠷᠭᠡ ᠠᠮᠢᠳᠠᠨ ᠲᠠᠢ ᠤᠶᠢᠷᠠᠳᠬᠤ᠃ ︵5︶ ᠬᠤᠯᠤᠭᠠᠨ᠎ᠠ ᠶᠢᠨ ᠬᠢᠵᠢᠭ ᠤᠨ ᠡᠭᠦᠰᠦᠯ ᠤᠨ ᠤᠷᠤᠨ ᠤ ᠬᠤᠯᠤᠭᠠᠨ᠎ᠠ ᠶᠢᠨ ᠳᠦᠷᠦᠯ ︵ᠳᠠᠷᠪᠠᠭ᠎ᠠ︶᠂ ᠬᠡᠬᠡᠷ᠎ᠡ ᠶᠢᠨ ᠳᠠᠤᠯᠠᠢ ᠵᠡᠷᠭᠡ ᠠᠮᠢᠳᠠᠨ ᠤ ᠨᠦᠬᠡᠨ ᠤ ᠤᠶᠢᠷ᠎ᠠ ᠬᠠᠪᠢ ᠪᠠᠷ ᠠᠮᠠᠷᠠᠬᠤ᠂ ᠠᠮᠢᠳᠠᠨ ᠤ ᠨᠦᠬᠡ ᠶᠢ ᠤᠬᠤᠵᠤ ᠮᠠᠯᠳᠠᠬᠤ᠃ ︵6︶ ᠬᠤᠪᠢ ᠪᠡᠶ᠎ᠡ ᠶᠢᠨ ᠬᠠᠮᠠᠭᠠᠯᠠᠯᠳᠠ ᠬᠢᠭᠰᠡᠨ ᠦᠭᠡᠢ ᠪᠠᠶᠢᠳᠠᠯ ᠳᠤᠤᠷ᠎ᠠ᠂ ᠠᠭᠤᠰᠬᠢᠨ ᠤ ᠬᠤᠯᠤᠭᠠᠨ᠎ᠠ  ᠶᠢᠨ ᠬᠢᠵᠢᠭ ᠲᠠᠢ ᠡᠪᠡᠳᠴᠢᠳᠡᠨ ᠲᠠᠢ ᠤᠶᠢᠷᠠᠳᠬᠤ᠃      4. ᠬᠤᠯᠤᠭᠠᠨ᠎ᠠ ᠶᠢᠨ ᠬᠢᠵᠢᠭ ᠤᠨ ᠰᠤᠷᠪᠤᠯᠵᠢ ᠭᠠᠵᠠᠷ ᠢᠶᠠᠷ ᠵᠢᠭᠤᠯᠴᠢᠯᠠᠬᠤ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖      ︵1︶ ᠬᠢᠵᠢᠭ ᠤᠨ ᠰᠤᠷᠪᠤᠯᠵᠢ ᠭᠠᠵᠠᠷ ᠤᠨ ᠠᠮᠢᠳᠠᠨ ᠢ ᠠᠩᠨᠠᠬᠤ ᠦᠭᠡᠢ᠃ ︵2︶ ᠬᠢᠵᠢᠭ ᠤᠨ ᠰᠤᠷᠪᠤᠯᠵᠢ ᠭᠠᠵᠠᠷ ᠤᠨ ᠠᠮᠢᠳᠠᠨ ᠤ ᠠᠷᠠᠰᠤ ᠶᠢ ᠦᠪᠴᠢᠵᠤ ᠴᠢᠨᠠᠵᠤ ᠪᠤᠯᠭᠤᠵᠤ ᠢᠳᠡᠬᠦ ᠦᠭᠡᠢ᠂ ᠰᠢᠢᠳᠪᠦᠷᠢᠯᠡᠬᠦ ᠦᠭᠡᠢ᠃ ︵3︶ ᠬᠢᠵᠢᠭ ᠤᠨ ᠰᠤᠷᠪᠤᠯᠵᠢ ᠭᠠᠵᠠᠷ ᠤᠨ ᠠᠮᠢᠳᠠᠨ ᠵᠢᠴᠢ ᠳᠡᠬᠦᠨ ᠤ ᠪᠦᠳᠦᠬᠡᠭᠳᠡᠬᠦᠨ ᠢ ᠨᠢ ᠠᠪᠴᠤ ᠶᠠᠪᠤᠬᠤ ᠦᠭᠡᠢ᠃ ︵4︶ ᠬᠢᠵᠢᠭ ᠢᠶᠠᠷ ᠦᠬᠦᠭᠰᠡᠨ ᠬᠤᠯᠤᠭᠠᠨ᠎ᠠ ᠶᠢᠨ ᠳᠦᠷᠦᠯ ︵ᠳᠠᠷᠪᠠᠭ᠎ᠠ︶᠂ ᠬᠡᠬᠡᠷ᠎ᠡ ᠶᠢᠨ ᠳᠠᠤᠯᠠᠢ᠂ ᠦᠨᠡᠭᠡ᠂ ᠴᠢᠨ᠋ᠸ᠎ᠠ᠂ ᠨᠤᠬᠠᠢ᠂ ᠮᠤᠤᠷ ᠵᠡᠷᠭᠡ ᠠᠮᠢᠳᠠᠨ ᠲᠠᠢ ᠤᠶᠢᠷᠠᠳᠬᠤ ᠦᠭᠡᠢ᠃ ︵5︶ ᠬᠤᠯᠤᠭᠠᠨ᠎ᠠ ᠶᠢᠨ ᠬᠢᠵᠢᠭ ᠤᠨ ᠰᠤᠷᠪᠤᠯᠵᠢ ᠭᠠᠵᠠᠷ ᠤᠨ ᠬᠤᠯᠤᠭᠠᠨ᠎ᠠ ᠶᠢᠨ ᠳᠦᠷᠦᠯ ︵ᠳᠠᠷᠪᠠᠭ᠎ᠠ︶᠂ ᠬᠡᠬᠡᠷ᠎ᠡ ᠶᠢᠨ ᠳᠠᠤᠯᠠᠢ ᠵᠡᠷᠭᠡ ᠠᠮᠢᠳᠠᠨ ᠤ ᠨᠦᠬᠡ ᠶᠢᠨ ᠤᠶᠢᠷ᠎ᠠ ᠬᠠᠪᠢ ᠳᠤ ᠠᠮᠠᠷᠠᠬᠤ ᠦᠭᠡᠢ᠂ ᠠᠮᠢᠳᠠᠨ ᠤ ᠨᠦᠬᠡ  ᠶᠢ ᠮᠠᠯᠳᠠᠬᠤ ᠦᠭᠡᠢ᠃      5. ᠬᠡᠷᠪᠡ ᠬᠤᠯᠤᠭᠠᠨ᠎ᠠ ᠶᠢᠨ ᠬᠢᠵᠢᠭ ᠤᠨ ᠰᠤᠷᠪᠤᠯᠵᠢ ᠭᠠᠵᠠᠷ ᠤᠨ ᠨᠤᠬᠠᠢ ᠶᠢᠨ ᠪᠦᠬᠡᠰᠦᠨ ᠳᠤ ᠬᠠᠵᠠᠭᠳᠠᠪᠠᠯ ᠶᠠᠭᠠᠬᠢᠪᠡᠯ ᠵᠤᠬᠢᠬᠤ ᠪᠤᠢ︖      ᠬᠤᠯᠤᠭᠠᠨ᠎ᠠ ᠶᠢᠨ ᠬᠢᠵᠢᠭ ᠤᠨ ᠰᠤᠷᠪᠤᠯᠵᠢ ᠭᠠᠵᠠᠷ ᠲᠤ ᠨᠤᠬᠠᠢ ᠶᠢᠨ ᠪᠦᠬᠡᠰᠦᠨ ᠳᠤ ᠬᠠᠵᠠᠭᠳᠠᠪᠠᠯ᠂ ᠠᠶᠤᠵᠤ ᠬᠡᠯᠮᠡᠭᠳᠡᠭᠰᠡᠨ ᠤ ᠬᠡᠷᠡᠭ ᠦᠭᠡᠢ᠂ ᠨᠠᠷᠢᠨ ᠠᠵᠢᠭᠯᠠᠵᠤ᠂ ᠬᠡᠷᠪᠡ 1 — 2 ᠡᠳᠤᠷ ᠤᠨ ᠳᠠᠷᠠᠭ᠎ᠠ᠂ ᠨᠤᠬᠠᠢ ᠶᠢᠨ ᠪᠦᠬᠡᠰᠦᠨ ᠳᠤ ᠬᠠᠵᠠᠭᠳᠠᠭᠰᠠᠨ ᠬᠡᠰᠡᠭ ᠤᠨ ᠯᠢᠮᠹᠠ ᠶᠢᠨ ᠵᠠᠩᠬᠢᠯᠠᠭ᠎ᠠ ᠨᠢ ᠬᠠᠪᠤᠳᠴᠤ ᠪᠦᠳᠦᠬᠦᠷᠡᠬᠦ ︵ᠴᠠᠪᠢ᠂ ᠰᠤᠭᠤ᠂ ᠬᠦᠵᠦᠬᠦᠨ ᠤ ᠬᠡᠰᠡᠭ ᠵᠡᠷᠭᠡ ᠭᠠᠵᠠᠷ ᠢᠶᠠᠷ ᠤᠯᠠᠨ ᠢᠯᠡᠷᠡᠨ᠎ᠠ︶᠂ ᠡᠪᠡᠳᠬᠦ ᠵᠢᠴᠢ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠤᠯᠤᠯᠴᠠᠭ᠎ᠠ ᠲᠠᠢ ᠪᠠᠶᠢᠵᠤ᠂ ᠴᠠᠭ ᠳᠤᠬᠠᠢ ᠳᠤᠨᠢ ᠤᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠳᠤ ᠬᠦᠷᠴᠤ ᠡᠮᠨᠡᠬᠦᠯᠬᠦ ᠴᠢᠬᠤᠯᠠᠳᠠᠢ᠃      6. ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠤ ᠳᠠᠷᠠᠭ᠎ᠠ ᠡᠮᠴᠢᠯᠡᠭᠡᠨ ᠤ ᠳᠠᠯ᠎ᠠ ᠪᠠᠷ ᠭᠤᠤᠯᠳᠠᠭᠤ ᠶᠠᠮᠠᠷ ᠢᠯᠡᠷᠡᠯ ᠲᠠᠢ ᠪᠤᠢ︖      ᠬᠤᠯᠤᠭᠠᠨ᠎ᠠ ᠶᠢᠨ ᠬᠢᠵᠢᠭ ᠢ ᠡᠮᠴᠢᠯᠡᠭᠡᠨ ᠤ ᠳᠠᠯ᠎ᠠ ᠪᠠᠷ ᠭᠤᠤᠯᠳᠠᠭᠤ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ᠂ ᠬᠤᠯᠤᠭᠠᠨ᠎ᠠ ᠶᠢᠨ ᠬᠢᠵᠢᠭ ᠤᠨ ᠴᠢᠰᠤ ᠮᠠᠭᠤᠳᠠᠬᠤ ᠡᠪᠡᠳᠴᠢᠨ᠂ ᠠᠷᠠᠰᠤᠨ ᠤ ᠬᠤᠯᠤᠭᠠᠨ᠎ᠠ ᠶᠢᠨ ᠬᠢᠵᠢᠭ᠂ ᠬᠡᠳᠡᠰᠦᠨ ᠤ ᠬᠤᠯᠤᠭᠠᠨ᠎ᠠ ᠶᠢᠨ ᠬᠢᠵᠢᠭ᠂ ᠨᠢᠳᠦᠨ ᠤ ᠬᠤᠯᠤᠭᠠᠨ᠎ᠠ ᠶᠢᠨ ᠬᠢᠵᠢᠭ᠂ ᠬᠤᠯᠤᠭᠠᠨ᠎ᠠ ᠶᠢᠨ ᠬᠢᠵᠢᠭ ᠤᠨ ᠳᠠᠷᠢᠬᠢᠨ ᠪᠦᠷᠬᠦᠪᠴᠢ ᠶᠢᠨ ᠦᠷᠪᠢᠰᠦᠯ᠂ ᠬᠦᠢᠯᠡᠰᠦᠯᠢᠭ ᠴᠤᠭᠴᠠ ᠶᠢᠨ ᠬᠤᠯᠤᠭᠠᠨ᠎ᠠ ᠶᠢᠨ ᠬᠢᠵᠢᠭ ᠬᠡᠵᠤ ᠬᠤᠪᠢᠶᠠᠵᠤ᠂ ᠡᠬᠦᠨ ᠳᠤ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠨᠢ ᠡᠮᠴᠢᠯᠡᠭᠡᠨ ᠤ ᠳᠠᠯ᠎ᠠ ᠪᠠᠷ ᠪᠠᠶᠢᠩᠭᠤ ᠬᠠᠷᠠᠭᠳᠠᠵᠤ᠂ ᠳᠠᠷᠠᠭᠠᠯᠠᠪᠠᠯ ᠠᠭᠤᠰᠬᠢᠨ ᠤ ᠬᠤᠯᠤᠭᠠᠨ᠎ᠠ ᠶᠢᠨ ᠬᠢᠵᠢᠭ ᠪᠤᠯᠤᠨ ᠬᠤᠯᠤᠭᠠᠨ᠎ᠠ ᠶᠢᠨ ᠬᠢᠵᠢᠭ ᠤᠨ ᠴᠢᠰᠤ ᠮᠠᠭᠤᠳᠠᠬᠤ ᠡᠪᠡᠳᠴᠢᠨ ᠪᠤᠯᠤᠨ᠎ᠠ᠃ ᠬᠤᠯᠤᠭᠠᠨ᠎ᠠ ᠶᠢᠨ ᠬᠢᠵᠢᠭ ᠤᠨ ᠨᠢᠭᠤᠭᠳᠠᠮᠠᠯ ᠬᠤᠭᠤᠴᠠᠭ᠎ᠠ ᠬᠠᠷᠢᠴᠠᠩᠭᠤᠢ ᠤᠬᠤᠷ᠂ ᠡᠩ ᠤᠨ ᠪᠠᠶᠢᠳᠠᠯ ᠳᠤ 1 — 6 ᠡᠳᠤᠷ᠂ ᠤᠯᠠᠩᠬᠢ ᠳᠠᠭᠠᠨ 2 — 3 ᠡᠳᠤᠷ ᠪᠠᠶᠢᠵᠤ᠂ ᠤᠨᠴᠠᠭᠠᠢ ᠵᠠᠷᠢᠮ ᠨᠢ 8 — 9 ᠡᠳᠤᠷ ᠪᠠᠶᠢᠳᠠᠭ᠃ ᠡᠯ᠎ᠠ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠤᠨ ᠡᠪᠡᠳᠴᠢᠳᠡᠨ ᠤ ᠡᠩ ᠤᠨ ᠡᠪᠡᠳᠴᠢᠨ ᠤ ᠢᠯᠡᠷᠡᠯ ᠪᠤᠯ ᠡᠪᠡᠳᠴᠢᠯᠡᠬᠦ ᠨᠢ ᠠᠶᠢᠬᠤᠪᠳᠤᠷ ᠳᠦᠷᠬᠡᠨ ᠪᠠᠶᠢᠵᠤ᠂ ᠶᠡᠭᠡ ᠬᠠᠯᠠᠭᠤᠷᠠᠬᠤ᠂ ᠳᠠᠭᠠᠷᠠᠳᠠᠰᠤ ᠬᠦᠷᠬᠦ᠂ ᠪᠠᠶ᠎ᠡ ᠶᠢᠨ ᠳᠤᠯᠠᠭᠠᠨ ᠤ ᠬᠡᠮᠵᠢᠶ᠎ᠠ ᠬᠡᠨᠡᠳᠳᠠ ᠳᠡᠭᠡᠭᠰᠢᠯᠡᠨ 39 — 41℃ ᠬᠦᠷᠦᠨ᠎ᠠ᠃ ᠳᠤᠯᠤᠭᠠᠢ ᠶᠡᠭᠡ ᠡᠪᠡᠳᠴᠤ᠂ ᠵᠠᠷᠢᠮ ᠦᠶ᠎ᠡ ᠳᠤ ᠳᠦᠪ ᠮᠡᠳᠡᠷᠡᠯ ᠤᠨ ᠴᠢᠨᠠᠷᠳᠠᠢ ᠪᠦᠬᠡᠯᠵᠢᠬᠦ᠂ ᠠᠮᠢᠰᠬᠤᠯ ᠴᠢᠬᠤᠯᠠᠳᠠᠬᠤ᠂ ᠵᠢᠷᠦᠬᠡᠨ ᠤ ᠯᠤᠭᠰᠢᠯᠳᠠ ᠬᠡᠳᠦ ᠳᠦᠷᠬᠡᠰᠬᠦ᠂ ᠴᠢᠰᠦᠨ ᠳᠠᠷᠤᠯᠳᠠ ᠪᠠᠭᠤᠷᠠᠬᠤ ᠪᠠᠶᠢᠳᠠᠯ ᠢᠯᠡᠷᠡᠨ᠎ᠠ᠃ ᠬᠦᠨᠳᠤ ᠡᠪᠡᠳᠴᠢᠳᠡᠨ ᠪᠤᠯ ᠡᠪᠡᠳᠴᠢᠨ  ᠤ ᠡᠬᠢᠨ ᠤ ᠦᠶ᠎ᠡ ᠳᠤ ᠳᠠᠷᠤᠢ ᠴᠢᠰᠤᠨ ᠳᠠᠷᠤᠯᠳᠠ ᠪᠠᠭᠤᠷᠠᠬᠤ᠂ ᠤᠬᠠᠭᠠᠨ ᠪᠠᠯᠠᠷᠠᠬᠤ᠂ ᠳᠡᠮᠡᠢ ᠪᠠᠯᠠᠢ ᠶᠠᠷᠢᠬᠤ ᠵᠡᠷᠭᠡ ᠪᠠᠶᠢᠳᠠᠯ ᠢᠯᠡᠷᠡᠨ᠎ᠠ᠃      7. ᠬᠤᠯᠤᠭᠠᠨ᠎ᠠ ᠶᠢᠨ ᠬᠢᠵᠢᠭ ᠢ ᠪᠦᠳᠦᠮᠵᠢᠳᠠᠢ ᠡᠮᠨᠡᠨ ᠵᠠᠰᠠᠬᠤ ᠡᠮ ᠪᠠᠶᠢᠨ᠎ᠠ ᠤᠤ︖      ᠤᠳᠤᠬᠠᠨ ᠳᠤ᠂ ᠬᠤᠯᠤᠭᠠᠨ᠎ᠠ ᠶᠢᠨ ᠬᠢᠵᠢᠭ ᠢ ᠯᠢᠶᠠᠨ ᠮᠧᠢ ᠰᠦ᠋ ᠪᠠᠷ ᠡᠮᠨᠡᠨ ᠵᠠᠰᠠᠵᠤ ᠪᠤᠢ᠃ ᠡᠪᠡᠳᠴᠢᠳᠡᠨ ᠢ ᠨᠡᠩ ᠰᠠᠶᠢᠨ ᠡᠮᠨᠡᠵᠤ ᠵᠠᠰᠠᠬᠤ ᠶᠢᠨ ᠳᠦᠯᠦᠬᠡ᠂ ᠡᠮᠴᠢᠯᠡᠭᠡᠨ ᠳᠡᠭᠡᠷ᠎ᠡ ᠦᠷᠬᠦᠯᠵᠢ ᠪᠤᠰᠤᠳ ᠳᠦᠷᠦᠯ ᠬᠡᠯᠪᠡᠷᠢ ᠶᠢᠨ ᠨᠢᠶᠠᠨ ᠳᠠᠷᠤᠭᠴᠢ ᠲᠠᠢ ᠬᠠᠮᠳᠤᠷᠠᠭᠤᠯᠵᠤ ᠬᠡᠷᠡᠭᠯᠡᠳᠡᠭ᠃ ᠳᠤᠬᠠᠶᠢᠯᠠᠪᠠᠯ ᠺᠦᠢ ᠨᠥᠸᠧ ᠲᠥᠩ᠂ ᠳ᠋ᠥᠸᠧ ᠰᠢ ᠬᠤᠸᠠᠨ ᠰᠦ᠋᠂ b — ᠨᠧᠢ ᠰᠢᠶᠠᠨ ᠠᠨ ᠤ ᠳᠦᠷᠦᠯ ᠪᠤᠶᠤ ᠬᠦᠬᠦᠷᠯᠢᠭ ᠠᠮᠢᠨ ᠵᠡᠷᠭᠡ᠃ ᠬᠡᠷᠪᠡ ᠯᠢᠶᠠᠨ ᠮᠧᠢ ᠰᠦ᠋ ᠪᠠᠷ ᠡᠮᠨᠡᠵᠤ ᠪᠤᠯᠬᠤ ᠦᠭᠡᠢ ᠪᠤᠯ᠂ ᠡᠮᠴᠢᠯᠡᠭᠡᠨ ᠳᠡᠭᠡᠷ᠎ᠡ ᠪᠠᠰᠠ ᠴᠢᠩ ᠳ᠋ᠠ ᠮᠧᠢ ᠰᠦ᠋᠂ ᠯᠢᠦᠢ ᠮᠧᠢ ᠰᠦ᠋᠂ ᠰᠧ ᠬᠤᠸᠠᠨ ᠰᠦ᠋᠂ ᠳ᠋ᠥᠸᠧ ᠰᠢ ᠬᠤᠸᠠᠨ ᠰᠦ᠋᠂ ᠬᠤᠸᠠᠨ ᠪᠢᠩ ᠱᠠ ᠰᠢᠩ ᠵᠡᠷᠭᠡ ᠶᠢ ᠬᠡᠷᠡᠭᠯᠡᠳᠡᠭ᠃      8. ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠵᠤ ᠪᠤᠯᠤᠨ᠎ᠠ ᠤᠤ︖      ᠬᠤᠯᠤᠭᠠᠨ᠎ᠠ ᠶᠢᠨ ᠬᠢᠵᠢᠭ ᠢ ᠰᠡᠷᠬᠡᠶᠢᠯᠡᠵᠤ᠂ ᠬᠤᠷᠢᠭᠯᠠᠵᠤ ᠪᠤᠯᠤᠨ᠎ᠠ᠃ ᠬᠠᠯᠳᠠᠪᠤᠷᠢᠯᠠᠬᠤ ᠰᠤᠷᠪᠤᠯᠵᠢ ᠶᠢ ᠬᠤᠷᠢᠭᠯᠠᠬᠤ᠂ ᠬᠠᠯᠳᠠᠪᠤᠷᠢᠯᠠᠬᠤ ᠵᠠᠮ ᠢ ᠳᠠᠰᠤᠯᠬᠤ ᠵᠢᠴᠢ ᠬᠤᠪᠢ ᠬᠦᠮᠦᠨ ᠤ ᠰᠡᠷᠬᠡᠶᠢᠯᠡᠯᠳᠠ ᠶᠢ ᠰᠡᠶᠢᠳᠤᠷ ᠬᠢᠬᠦ᠂ ᠤᠨᠴᠠᠭᠠᠶᠢᠯᠠᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠠᠶᠤᠯ ᠳᠦᠭᠰᠢᠬᠦᠷᠢ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠠ ᠪᠠᠷ ᠳᠠᠮᠵᠢᠭᠤᠯᠤᠨ᠂ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠶᠢ ᠪᠦᠳᠦᠮᠵᠢᠳᠠᠢ ᠰᠡᠷᠬᠡᠶᠢᠯᠡᠵᠤ ᠪᠤᠯᠤᠨ᠎ᠠ᠃      ᠮᠠᠨ ᠤ ᠤᠯᠤᠰ ᠶᠡᠷᠦ ᠠᠴᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠤᠷᠢᠭᠯᠠᠬᠤ ᠠᠵᠢᠯ ᠢ ᠳᠦᠢᠯ ᠢᠶᠠᠷ ᠴᠢᠬᠤᠯᠠᠴᠢᠯᠠᠭᠰᠠᠭᠠᠷ ᠢᠷᠡᠵᠠᠢ᠃ ᠤᠶᠢᠷ᠎ᠠ ᠶᠢᠨ ᠵᠢᠯ ᠠᠴᠠ ᠨᠠᠰᠢ᠂ ᠪᠦᠬᠦ ᠤᠯᠤᠰ ᠲᠤ ᠵᠢᠯ ᠪᠦᠷᠢ ᠬᠦᠮᠦᠨ ᠬᠦᠮᠦᠨ  ᠤ ᠬᠤᠭᠤᠷᠤᠨᠳᠤ ᠪᠠᠨ ᠬᠠᠯᠳᠠᠪᠤᠷᠢᠯᠠᠬᠤ ᠬᠤᠯᠤᠭᠠᠨ᠎ᠠ ᠶᠢᠨ ᠬᠢᠵᠢᠭ ᠡᠬᠦᠰᠬᠦ ᠳᠤᠭ᠎ᠠ ᠶᠢ ᠪᠠᠭ᠎ᠠ ᠬᠡᠮᠵᠢᠶᠠᠨ ᠳᠤ ᠬᠢᠵᠠᠭᠠᠷᠯᠠᠵᠤ᠂ ᠵᠠᠷᠢᠮ ᠭᠠᠵᠠᠷ ᠲᠤ ᠬᠦᠮᠦᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠠᠶᠢᠳᠠᠯ ᠪᠤᠯ ᠤᠨᠴᠠᠭᠠᠢ ᠪᠠᠶᠢᠳᠠᠯ ᠪᠤᠯᠤᠨ᠎ᠠ᠃      ᠬᠤᠶᠠᠷ᠂ ᠬᠢᠵᠢᠭ ᠤᠨ ᠪᠠᠶᠢᠳᠠᠯ ᠡᠬᠦᠰᠦᠭᠰᠡᠨ ᠭᠠᠵᠠᠷ ᠤᠨ ᠤᠯᠠᠨ ᠲᠦᠮᠡᠨ ᠳᠤ ᠬᠠᠨᠳᠤᠭᠤᠯᠤᠭᠰᠠᠨ ᠮᠡᠳᠡᠯᠭᠡ      1. ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠤᠷᠢᠭᠯᠠᠬᠤ ︽ᠭᠤᠷᠪᠡᠨ ᠦᠯᠦ ᠪᠤᠯᠬᠤ ᠭᠤᠷᠪᠠ ᠶᠢ ᠮᠡᠳᠡᠬᠦᠯᠬᠦ︾ ᠳᠦᠷᠢᠮ ᠭᠡᠵᠤ ᠶᠠᠭᠤ ᠪᠤᠢ︖      ᠬᠤᠯᠤᠭᠠᠨ᠎ᠠ ᠶᠢᠨ ᠬᠢᠵᠢᠭ ᠢ ᠰᠡᠷᠬᠡᠶᠢᠯᠡᠬᠦ ᠳᠤ ᠡᠷᠬᠡᠪᠰᠢ ︽ᠭᠤᠷᠪᠡᠨ ᠦᠯᠦ ᠪᠤᠯᠬᠤ ᠭᠤᠷᠪᠠ ᠶᠢ ᠮᠡᠳᠡᠬᠦᠯᠬᠦ︾ ᠶᠢ ᠬᠦᠢᠴᠡᠳᠬᠡᠬᠦ ᠬᠡᠷᠡᠭᠳᠡᠢ᠃ ︽ᠭᠤᠷᠪᠠᠠ ᠦᠯᠤ ᠪᠤᠯᠬᠤ︾ ᠨᠢ ᠲᠠᠷᠤᠢ ᠬᠢᠵᠢᠭ ᠤᠨ ᠰᠤᠷᠪᠤᠯᠵᠢᠲᠤ ᠭᠠᠵᠠᠷ ᠤᠷᠤᠨ ᠤ ᠠᠮᠢᠳᠠᠨ ᠢ ᠲᠤᠷ᠎ᠡ ᠪᠠᠷ ᠢᠶᠠᠨ ᠠᠩᠨᠠᠵᠤ ᠦᠯᠤ ᠪᠤᠯᠬᠤ᠂ ᠬᠢᠵᠢᠭ ᠤᠨ ᠰᠤᠷᠪᠤᠯᠵᠢᠲᠤ ᠭᠠᠵᠠᠷ ᠤᠷᠤᠨ ᠤ ᠠᠮᠢᠳᠠᠨ ᠢ ᠦᠪᠴᠢᠵᠤ ᠢᠳᠡᠵᠤ ᠦᠯᠤ ᠪᠤᠯᠬᠤ᠂ ᠬᠢᠵᠢᠭ ᠤᠨ ᠰᠤᠷᠪᠤᠯᠵᠢᠲᠤ ᠭᠠᠵᠠᠷ ᠤᠷᠤᠨ ᠤ ᠠᠮᠢᠳᠠᠨ ᠪᠤᠯᠤᠨ ᠲᠡᠭᠦᠨ ᠤ ᠪᠦᠳᠤᠭᠡᠭᠳᠡᠭᠦᠨ ᠢ ᠭᠠᠳᠠᠭᠰᠢ ᠠᠪᠴᠤ ᠭᠠᠷᠴᠤ ᠦᠯᠤ ᠪᠤᠯᠬᠤ ᠶᠠᠪᠤᠳᠠᠯ ᠪᠤᠯᠤᠨ᠎ᠠ᠃ ︽ᠭᠤᠷᠪᠡ ᠶᠢ ᠮᠡᠳᠡᠭᠦᠯᠭᠦ︾ ᠨᠢ ᠲᠠᠷᠤᠢ ᠬᠡᠵᠢᠭ ᠢᠶᠠᠷ ᠦᠭᠦᠭᠰᠡᠨ ᠬᠤᠯᠤᠭᠠᠨ᠎ᠠ᠂ ᠲᠠᠷᠪᠠᠭ᠎ᠠ ᠶᠢ ᠮᠡᠳᠡᠭᠦᠯᠭᠦ᠂ ᠬᠤᠯᠤᠭᠠᠨ᠎ᠠ ᠶᠢᠨ ᠬᠢᠵᠢᠭ ᠤᠨ ᠰᠡᠵᠢᠭ ᠲᠠᠢ ᠡᠪᠡᠳᠴᠢᠳᠠᠨ ᠢ ᠮᠡᠳᠡᠭᠦᠯᠭᠦ᠂ ᠰᠢᠯᠳᠠᠭᠠᠨ ᠨᠢ ᠲᠤᠳᠤᠷᠬᠠᠢ ᠦᠬᠡᠢ ᠶᠡᠭᠡ ᠬᠠᠯᠠᠭᠤᠷᠠᠵᠤ ᠪᠠᠶᠢᠭ᠎ᠠ ᠡᠪᠡᠳᠴᠢᠳᠠᠨ ᠪᠤᠯᠤᠨ ᠬᠡᠨᠡᠳᠳᠠ ᠦᠬᠦᠭᠰᠡᠨ ᠡᠪᠡᠳᠴᠢᠳᠠᠨ ᠢ ᠮᠡᠳᠡᠭᠦᠯᠭᠦ ᠶᠠᠪᠤᠳᠠᠯ ᠪᠤᠯᠤᠨ᠎ᠠ᠃      2. ᠬᠡᠷᠪᠡ ᠴᠢᠮ᠎ᠠ ᠳᠤ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠠᠶᠤᠯ ᠲᠠᠢ ᠪᠠᠶᠢᠳᠠᠯ ᠳᠤᠬᠢᠶᠠᠯᠳᠤᠪᠠᠯ ᠶᠠᠭᠠᠬᠢᠪᠠᠯ ᠵᠤᠬᠢᠬᠤ ᠪᠤᠢ︖      ᠬᠡᠷᠪᠡ ᠦᠪᠡᠷ ᠲᠤ ᠴᠢᠨᠢ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠠᠶᠤᠯ ᠲᠠᠢ ᠪᠠᠶᠢᠳᠠᠯ ᠳᠤᠬᠢᠶᠠᠯᠳᠤᠪᠠᠯ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠦᠪᠡᠷ ᠤᠨ ᠪᠡᠶ᠎ᠡ ᠳᠡᠭᠡᠨ ᠠᠨᠠᠭᠠᠬᠤ ᠤᠬᠠᠭᠠᠨ ᠤ ᠠᠵᠢᠭᠯᠠᠯᠳᠠ ᠶᠢ ᠰᠠᠶᠢᠳᠤᠷ ᠬᠢᠵᠤ᠂ ᠡᠰᠡᠬᠦᠯ᠎ᠠ ᠳᠤᠬᠠᠢ ᠶᠢᠨ ᠭᠠᠵᠠᠷ ᠤᠨ ᠬᠢᠵᠢᠭ ᠢ ᠰᠡᠷᠬᠡᠶᠢᠯᠡᠬᠦ ᠪᠠᠶᠢᠭᠤᠯᠤᠮᠵᠢ ᠳᠤ ᠮᠡᠳᠡᠬᠦᠯᠵᠤ᠂ ᠳᠤᠰᠬᠠᠢ ᠵᠢᠯᠤᠭᠤᠳᠤᠮᠵᠢ ᠬᠦᠷᠳᠡᠵᠤ ᠪᠤᠯᠤᠨ᠎ᠠ᠃ ᠬᠡᠷᠪᠡ ᠬᠠᠯᠠᠭᠤᠷᠠᠬᠤ᠂ ᠯᠢᠮᠹᠠ ᠶᠢᠨ ᠵᠠᠩᠬᠢᠯᠠᠭ᠎ᠠ ᠬᠠᠪᠤᠳᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠪᠤᠯ ᠴᠠᠭ ᠳᠤᠬᠠᠢ ᠳᠤᠨᠢ ᠦᠢᠷ᠎ᠡ ᠬᠠᠪᠢ ᠶᠢᠨ ᠡᠮᠨᠡᠯᠭᠡ ᠳᠤ ᠬᠦᠷᠴᠤ ᠤᠨᠤᠰᠢᠯᠠᠭᠤᠯᠤᠨ ᠡᠮᠨᠡᠬᠦᠯᠬᠦ ᠴᠢᠬᠤᠯᠠᠳᠠᠢ᠃      3. ᠬᠡᠷᠪᠡ ᠲᠠᠨ ᠤ ᠰᠠᠭᠤᠵᠤ ᠪᠠᠶᠢᠭ᠎ᠠ ᠰᠢᠶᠠᠩ ᠪᠠᠯᠭᠠᠰᠤ ᠪᠤᠶᠤ ᠤᠶᠢᠷ᠎ᠠ ᠬᠠᠪᠢ ᠶᠢᠨ ᠭᠠᠵᠠᠷ ᠤᠷᠤᠨ ᠳᠤ ᠴᠢᠨᠢ ᠠᠮᠢᠳᠠᠨ ᠤ ᠬᠤᠭᠤᠷᠤᠨᠳᠤ ᠬᠤᠯᠤᠭᠠᠨ᠎ᠠ ᠶᠢᠨ ᠬᠢᠵᠢᠭ ᠡᠬᠦᠰᠬᠦ ᠪᠤᠶᠤ ᠬᠦᠮᠦᠨ ᠤ ᠬᠤᠭᠤᠷᠤᠨᠳᠤ ᠬᠤᠯᠤᠭᠠᠨ᠎ᠠ  ᠶᠢᠨ ᠬᠢᠵᠢᠭ ᠡᠬᠦᠰᠪᠡᠯ ᠶᠠᠭᠠᠬᠢᠪᠡᠯ ᠵᠤᠬᠢᠬᠤ ᠪᠤᠢ︖      ᠨᠢᠭᠡ ᠳᠤ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠦᠪᠡᠷᠳᠡᠭᠡᠨ ᠠᠨᠠᠭᠠᠬᠤ ᠤᠬᠠᠭᠠᠨ ᠤ ᠠᠵᠢᠭᠯᠠᠯᠳᠠ  ᠶᠢ ᠰᠠᠶᠢᠳᠤᠷ ᠬᠢᠨ᠎ᠠ᠃ ᠬᠡᠷᠪᠡ ᠬᠠᠯᠠᠭᠤᠷᠠᠬᠤ᠂ ᠯᠢᠮᠹᠠ ᠶᠢᠨ ᠵᠠᠩᠬᠢᠯᠠᠭ᠎ᠠ ᠬᠠᠪᠤᠳᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠡᠬᠦᠰᠪᠡᠯ᠂ ᠴᠠᠭ ᠳᠤᠬᠠᠢ ᠳᠤᠨᠢ ᠤᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠳᠤ ᠬᠦᠷᠴᠤ ᠤᠨᠤᠰᠢᠯᠠᠭᠤᠯᠤᠨ ᠡᠮᠨᠡᠬᠦᠯᠦᠬᠡᠷᠡᠢ᠃ ᠤᠨᠤᠰᠢᠯᠠᠭᠤᠯᠤᠨ ᠡᠮᠨᠡᠬᠦᠯᠬᠦ ᠦᠶ᠎ᠡ ᠳᠤ ᠦᠪᠡᠷ ᠤᠨ ᠢᠶᠠᠨ ᠤᠶᠢᠷ᠎ᠠ ᠬᠠᠪᠢ ᠳᠠᠬᠢ ᠠᠮᠢᠳᠠᠨ ᠤ ᠬᠤᠭᠤᠷᠤᠨᠳᠤ ᠡᠰᠡᠬᠦᠯ᠎ᠠ ᠬᠦᠮᠦᠨ ᠤ ᠬᠤᠭᠤᠷᠤᠨᠳᠤ ᠡᠬᠦᠰᠦᠭᠰᠡᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠡᠮᠴᠢ ᠳᠤ ᠰᠠᠨᠠᠭᠠᠴᠢᠯᠠᠭ᠎ᠠ ᠲᠠᠢ ᠮᠡᠳᠡᠬᠦᠯᠦᠨ᠎ᠠ᠃ ᠬᠤᠶᠠᠷ ᠲᠤ ︽ᠭᠤᠷᠪᠠᠨ ᠦᠯᠦ ᠪᠤᠯᠬᠤ ᠭᠤᠷᠪᠠ ᠶᠢ ᠮᠡᠳᠡᠬᠦᠯᠬᠦ︾ ᠶᠢ ᠡᠷᠬᠡᠪᠰᠢ ᠨᠢᠮᠪᠠᠢ ᠬᠦᠢᠴᠡᠳᠬᠡᠨ᠎ᠠ᠃ ᠡᠬᠦᠨ ᠤ ᠬᠠᠮᠳᠤ ᠬᠢᠵᠢᠭ ᠢᠶᠠᠷ ᠦᠬᠦᠭᠰᠡᠨ ᠬᠤᠯᠤᠭᠠᠨ᠎ᠠ ᠶᠢᠨ ᠳᠦᠷᠦᠯ ︵ᠳᠠᠷᠪᠠᠭ᠎ᠠ ᠶᠢ ᠪᠠᠭᠳᠠᠭᠠᠨ᠎ᠠ︶᠂ ᠬᠡᠬᠡᠷ᠎ᠡ  ᠶᠢᠨ ᠳᠠᠤᠯᠠᠢ᠂ ᠦᠨᠡᠭᠡ᠂ ᠴᠢᠨ᠋ᠸ᠎ᠠ᠂ ᠨᠤᠬᠠᠢ ᠂ ᠮᠤᠤᠷ ᠵᠡᠷᠭᠡ ᠠᠮᠢᠳᠠᠨ ᠲᠠᠢ ᠤᠶᠢᠷᠠᠳᠬᠤ ᠦᠭᠡᠢ ᠪᠠᠶᠢᠬᠤ ᠬᠡᠷᠡᠭᠳᠡᠢ᠃ ᠬᠤᠯᠤᠭᠠᠨ᠎ᠠ ᠶᠢᠨ ᠬᠢᠵᠢᠭ ᠤᠨ ᠰᠤᠷᠪᠤᠯᠵᠢᠲᠤ ᠭᠠᠵᠠᠷ ᠤᠷᠤᠨ ᠤ ᠬᠤᠯᠤᠭᠠᠨ᠎ᠠ ᠶᠢᠨ ᠳᠦᠷᠦᠯ ︵ᠳᠠᠷᠪᠠᠭ᠎ᠠ ᠶᠢ ᠪᠠᠭᠳᠠᠭᠠᠨ᠎ᠠ︶᠂ ᠬᠡᠬᠡᠷ᠎ᠡ ᠶᠢᠨ ᠳᠠᠤᠯᠠᠢ ᠵᠡᠷᠭᠡ ᠠᠮᠢᠳᠠᠨ ᠤ ᠤᠷᠤᠩᠨᠠᠬᠤ ᠨᠦᠬᠡ ᠶᠢᠨ ᠬᠠᠵᠠᠭᠤ ᠳᠤ ᠠᠮᠠᠷᠠᠬᠤ ᠦᠭᠡᠢ᠂ ᠡᠰᠡᠬᠦᠯ᠎ᠠ ᠠᠮᠢᠳᠠᠨ ᠤ ᠤᠷᠤᠩᠨᠠᠬᠤ ᠨᠦᠬᠡ ᠶᠢ ᠮᠠᠯᠳᠠᠬᠤ ᠦᠭᠡᠢ ᠪᠠᠶᠢᠬᠤ ᠬᠡᠷᠡᠭᠳᠡᠢ᠃      4. ᠦᠪᠡᠷ ᠢ ᠪᠠᠨ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠢᠶᠠᠷ ᠰᠡᠵᠢᠭᠯᠡᠵᠤ ᠡᠮᠨᠡᠯᠭᠡ ᠶᠢᠨ ᠪᠠᠶᠢᠭᠤᠯᠤᠮᠵᠢ ᠳᠤ ᠤᠴᠢᠬᠤ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖      ︵1︶ ᠴᠠᠭ ᠳᠤᠬᠠᠢ ᠳᠤᠨᠢ ᠳᠤᠬᠠᠢ ᠶᠢᠨ ᠭᠠᠵᠠᠷ ᠤᠨ ᠬᠢᠵᠢᠭ ᠢ ᠰᠡᠷᠬᠡᠶᠢᠯᠡᠨ ᠬᠤᠷᠢᠭᠯᠠᠬᠤ ᠪᠠᠶᠢᠭᠤᠯᠤᠮᠵᠢ ᠳᠤ ᠮᠡᠳᠡᠬᠦᠯᠬᠦ ᠬᠡᠷᠡᠭᠳᠡᠢ᠃ ︵2︶ ᠤᠯᠠᠨ ᠨᠡᠶᠢᠳᠠ ᠶᠢᠨ ᠵᠠᠮ ᠬᠠᠷᠢᠯᠴᠠᠭᠠᠨ ᠤ ᠪᠠᠭᠠᠵᠢ ᠶᠢ ᠠᠰᠢᠭᠯᠠᠬᠤ ᠦᠭᠡᠢ ᠪᠠᠶᠢᠵᠤ᠂ ᠬᠠᠮᠤᠭ ᠰᠠᠶᠢᠨ ᠨᠢ 120 ᠤᠳᠠᠰᠤ ᠳᠤ ᠤᠳᠠᠰᠤᠳᠠᠨ ᠳᠡᠷᠬᠡ ᠳᠠᠭᠤᠳᠠᠵᠤ ᠡᠮᠨᠡᠯᠭᠡ ᠶᠢᠨ ᠪᠠᠶᠢᠭᠤᠯᠤᠮᠵᠢ ᠳᠤ ᠬᠦᠷᠴᠤ ᠤᠨᠤᠰᠢᠯᠠᠭᠤᠯᠬᠤ ᠪᠦᠬᠡᠳ ᠪᠠᠶᠢᠳᠠᠯ ᠢᠶᠠᠨ ᠳᠤᠳᠤᠷᠬᠠᠶᠢᠯᠠᠬᠤ ᠬᠡᠷᠡᠭᠳᠡᠢ᠃ ︵3︶ ᠭᠠᠳᠠᠭᠰᠢ ᠭᠠᠷᠬᠤ ᠳᠠᠭᠠᠨ ᠠᠮᠠᠪᠴᠢ ᠵᠡᠬᠦᠬᠦ ᠬᠡᠷᠡᠭᠳᠡᠢ᠃ ︵4︶ ᠡᠮᠨᠡᠯᠭᠡ ᠶᠢᠨ ᠬᠤᠷᠢᠶᠠᠨ ᠳᠤ ᠬᠦᠷᠦᠭᠰᠡᠨ ᠤ ᠳᠠᠷᠠᠭ᠎ᠠ᠂ ᠡᠮᠨᠡᠯᠭᠡ ᠶᠢᠨ ᠬᠤᠷᠢᠶᠠᠨ ᠤ ᠳᠤᠬᠢᠷᠠᠭᠤᠯᠤᠯᠳᠠ  ᠶᠢ ᠵᠢᠷᠤᠮᠯᠠᠬᠤ ᠪᠦᠬᠡᠳ ᠦᠪᠡᠷᠳᠡᠭᠡᠨ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠪᠤᠯᠤᠯᠴᠠᠭ᠎ᠠ ᠲᠠᠢ ᠵᠢᠴᠢ ᠤᠶᠢᠷ᠎ᠠ ᠬᠠᠪᠢ ᠳᠤ ᠴᠢᠨᠢ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠤᠭᠰᠠᠨ ᠪᠤᠰᠤᠳ ᠬᠦᠮᠦᠰ ᠪᠠᠶᠢᠬᠤ ᠡᠰᠡᠬᠦ ᠶᠢ ᠰᠠᠨᠠᠭᠠᠴᠢᠯᠠᠭ᠎ᠠ ᠲᠠᠢ ᠮᠡᠳᠡᠬᠦᠯᠦᠨ᠎ᠠ᠃      5. ᠬᠡᠷᠪᠡ ᠡᠮᠨᠡᠯᠭᠡ ᠶᠢᠨ ᠪᠠᠶᠢᠭᠤᠯᠤᠮᠵᠢ ᠠᠴᠠ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠰᠡᠵᠢᠭᠯᠡᠯᠳᠠᠢ ᠡᠪᠡᠳᠴᠢᠨ ᠤ ᠵᠢᠱᠢᠶ᠎ᠠ ᠪᠠᠷ ᠳᠤᠳᠤᠯᠠᠴᠢᠬᠠᠪᠠᠯ ᠶᠠᠭᠠᠬᠢᠪᠠᠯ ᠵᠤᠬᠢᠬᠤ ᠪᠤᠢ︖      ᠠᠶᠤᠵᠤ ᠰᠠᠨᠳᠤᠷᠤᠭᠰᠠᠨ ᠤ ᠬᠡᠷᠡᠭ ᠦᠭᠡᠢ᠂ ᠡᠮᠨᠡᠯᠭᠡ ᠶᠢᠨ ᠪᠠᠶᠢᠭᠤᠯᠤᠮᠵᠢ ᠶᠢᠨ ᠳᠤᠬᠢᠷᠠᠭᠤᠯᠤᠯᠳᠠ ᠶᠢ ᠵᠢᠷᠤᠮᠯᠠᠬᠤ ᠪᠦᠬᠡᠳ ᠰᠠᠨᠠᠭᠠᠴᠢᠯᠠᠭ᠎ᠠ ᠲᠠᠢ ᠪᠠᠷ ᠬᠠᠮᠵᠢᠯᠴᠠᠬᠤ ᠬᠡᠷᠡᠭᠳᠡᠢ᠃      6. ᠬᠡᠷᠪᠡ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠠᠴᠠ ᠡᠪᠡᠳᠴᠢᠳᠡᠨ ᠲᠠᠢ ᠤᠶᠢᠷᠠᠳᠤᠭᠰᠠᠨ ᠬᠦᠮᠦᠨ ᠢᠶᠠᠷ ᠳᠤᠭᠳᠠᠭᠠᠴᠢᠬᠠᠪᠠᠯ ᠶᠠᠭᠠᠬᠢᠪᠠᠯ ᠵᠤᠬᠢᠬᠤ ᠪᠤᠢ︖      ᠠᠶᠤᠵᠤ ᠰᠠᠨᠳᠤᠷᠤᠭᠰᠠᠨ ᠤ ᠬᠡᠷᠡᠭ ᠦᠭᠡᠢ᠂ ᠬᠠᠤᠯᠢ ᠶᠤᠰᠤᠭᠠᠷ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠤᠬᠢᠷᠠᠭᠤᠯᠤᠯᠳᠠ ᠶᠢ ᠵᠢᠷᠤᠮᠯᠠᠬᠤ ᠪᠦᠬᠡᠳ ᠰᠠᠨᠠᠭᠠᠴᠢᠯᠠᠭ᠎ᠠ ᠲᠠᠢ ᠪᠠᠷ ᠬᠠᠮᠵᠢᠯᠴᠠᠬᠤ ᠬᠡᠷᠡᠭᠳᠡᠢ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号