ᠦᠴᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠥᠳᠡᠭᠡ ᠲᠣᠰᠬᠤᠨ ᠤ ︽ᠭᠤᠷᠪᠠᠨ ᠭᠡᠷ ᠢᠶᠠᠨ ᠰᠠᠬᠢᠵᠤ ᠬᠤᠴᠣᠷᠤᠭᠰᠠᠨ︾ ᠬᠥᠮᠦᠰ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-16
     ᠬᠥᠳᠡᠭᠡ ᠲᠣᠰᠬᠤᠨ ᠤ ᠨᠠᠰᠤᠲᠠᠶᠢᠴᠤᠳ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠦᠨ᠂ ︽ᠭᠤᠷᠪᠠᠨ ᠭᠡᠷ ᠢᠶᠠᠨ ᠰᠠᠬᠢᠵᠤ ᠬᠤᠴᠣᠷᠤᠭᠰᠠᠨ︾ ᠬᠥᠮᠦᠰ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠨᠡᠮᠡᠭᠳᠡᠭᠦᠯᠬᠦ ᠶᠢᠨ ᠲᠤᠰᠠᠲᠠ᠂12 ᠰᠠᠷ᠎ᠠ ᠶᠢᠨ 2 ᠤᠨ ᠦᠳᠡ ᠡᠮᠦᠨ᠎ᠡ᠂ ᠦᠴᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠣᠪᠴᠢᠶᠠᠨ ᠤ ᠠᠯᠪᠠᠨ ᠠᠰᠠᠷ ᠤᠨ ᠬᠤᠶᠠᠳᠤᠭᠠᠷ ᠳᠠᠪᠬᠤᠷ ᠲᠤ ᠬᠥᠳᠡᠭᠡ ᠲᠣᠰᠬᠤᠨ ᠤ ︽ᠭᠤᠷᠪᠠᠨ ᠭᠡᠷ ᠢᠶᠠᠨ ᠰᠠᠬᠢᠵᠤ ᠬᠤᠴᠣᠷᠤᠭᠰᠠᠨ︾ ᠬᠥᠮᠦᠰ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠠᠯᠪᠠᠨ ᠭᠡᠷ ᠲᠠᠰᠤᠭ᠂ ᠡᠯ᠎ᠡ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠲᠤᠰᠠᠯᠠᠭᠴᠢ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠠᠮᠢᠶᠠᠷᠤᠯᠲᠠ ᠶᠢᠨ ᠰᠢᠰᠲ᠋ᠧᠮ ᠤᠨ ᠠᠬᠤᠶ ᠪᠠᠶᠢᠳᠠᠯ ᠵᠢᠴᠢ ᠠᠵᠢᠯᠯᠠᠬᠤ ᠶᠠᠪᠤᠴᠠ ᠳᠤ ᠲᠣᠰ ᠲᠣᠰ ᠨᠠᠷᠢᠨ ᠲᠣᠳᠣᠷᠬᠠᠶ ᠪᠠᠶᠢᠴᠠᠭᠠᠯᠲᠠ ᠬᠢᠵᠡᠶ᠃      ᠬᠤᠷᠠᠯ ᠳᠡᠭᠡᠷ᠎ᠡ ᠲᠠᠷᠠᠭᠠᠴᠢ ᠶᠢᠨ ᠠᠯᠬᠤᠮ ᠤᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠡᠯ᠎ᠡ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠲᠤᠰᠠᠯᠠᠭᠴᠢ ᠶᠢ ᠪᠢᠴᠢᠵᠦ ᠣᠷᠣᠭᠤᠯᠬᠤ ᠶᠠᠪᠤᠴᠠ ᠳᠤ ᠦᠨᠡᠨ ᠠᠴᠠ ᠢᠷᠡᠵᠤ᠂ ᠦᠨᠡᠨ ᠢ ᠪᠠᠷᠢᠮᠲᠠᠯᠠᠬᠤ᠂ ᠬᠠᠷᠢᠭᠤᠴᠠᠯᠭ᠎ᠠ ᠡᠭᠦᠷᠭᠡᠯᠡᠬᠦ ᠣᠪᠣᠷ ᠢᠶᠠᠷ ᠪᠢᠴᠢᠵᠦ ᠣᠷᠣᠭᠤᠯᠬᠤ ᠠᠵᠢᠯ ᠢ ᠴᠠᠭ ᠲᠤᠬᠠᠢ ᠳᠤ ᠨᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号