ᠬᠤᠲᠠ ᠶᠢᠨ ᠤᠳᠤᠷᠢᠳᠤᠯᠭ᠎ᠠ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2019-12-16
     12 ᠳ᠋ᠤᠭᠠᠷ ᠰᠠᠷ᠎ᠠ ᠶᠢᠨ 13 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠵᠧᠨ ᠸᠧᠶ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃
     ᠭᠤᠤ ᠵᠧᠨ ᠸᠧᠶ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠦᠨᠳᠦᠰᠦᠨ ᠪᠠᠶᠢᠳᠠᠯ ᠪᠠ ᠴᠢᠬᠤᠯᠠ ᠶᠡᠭᠡ ᠠᠴᠢ ᠬᠤᠯᠪᠣᠭᠳᠠᠯ ᠢ ᠪᠦᠬᠦ ᠲᠠᠯ᠎ᠠ ᠪᠠᠷ ᠲᠠᠨᠢᠯᠴᠠᠭᠤᠯᠵᠤ᠂ ᠡᠭᠦᠨ ᠤ ᠬᠠᠮᠲᠤ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ︾ ︽ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠣᠯᠣᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠪᠣᠯᠤᠨ ᠶᠡᠷᠦᠩᠬᠡᠶ ᠬᠠᠷᠠᠯᠲᠠ ᠶᠢ ᠣᠨᠣᠪᠴᠢᠲᠠᠶ ᠡᠵᠡᠮᠳᠡᠬᠦ︾ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠳᠡᠬᠦ︾ ︽ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠤᠳᠤᠷᠢᠳᠤᠯᠭ᠎ᠠ ᠶᠢ ᠴᠢᠩᠭᠠᠳᠬᠠᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ︾ ᠵᠡᠷᠭᠡ ᠲᠠᠯ᠎ᠠ ᠪᠠᠷ ᠪᠦᠬᠦ ᠬᠤᠷᠠᠯ ᠤᠨ ᠵᠣᠷᠢᠭ ᠰᠠᠨᠠᠭ᠎ᠠ ᠳᠤ ᠰᠢᠰᠲ᠋ᠧᠮ ᠲᠠᠢ ᠲᠤᠳᠤᠷᠬᠠᠶᠢᠯᠠᠨ ᠲᠠᠶᠢᠯᠪᠤᠷᠢᠯᠠᠭᠰᠠᠨ ᠪᠥᠭᠡᠳ ᠭᠦᠨᠵᠡᠭᠡᠶ ᠲᠠᠶᠢᠯᠤᠮᠵᠢ ᠬᠢᠪᠡ᠃
     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ᠂ ᠲᠣᠰ  ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠬᠦᠷᠢᠶᠡᠯᠡᠩ ᠲᠣᠭᠤᠷᠢᠭ ᠲᠤ ᠰᠤᠷᠤᠯᠴᠠᠯᠭ᠎ᠠ ᠶᠢ ᠦᠳᠲᠡᠷ ᠲᠦᠷᠭᠡᠨ ᠥᠷᠨᠢᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠡᠯ᠎ᠡ ᠵᠤᠶᠢᠯ ᠤᠨ ᠠᠵᠢᠯ ᠤᠨ ᠡᠭᠦᠷᠭᠡ᠂ ᠦᠪᠡᠷ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠣᠷᠣᠨ ᠤ ᠲᠥᠪ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦ ᠪᠠᠨ ᠵᠤᠷᠢᠭᠤᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号