ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ 12 ᠰᠠᠷ᠎ᠠ ᠶᠢᠨ | 12 ᠤᠨ ᠡᠳᠦᠷ᠂ ᠪᠦᠬᠦ ᠤᠯᠤᠰ ᠤᠨ ᠠᠩᠬᠠᠳᠠᠬᠴᠢ ᠬᠤᠣᠷ ᠴᠠᠭᠠᠵᠠᠯᠠᠬᠤ ᠭᠤᠤᠯ ᠰᠡᠳᠦᠪᠳᠦ ᠱᠤᠭᠤᠮᠠᠯ ᠤᠨ | ᠴᠡᠴᠡᠷᠯᠢᠭ — ᠦᠪᠦᠷ ᠮᠤᠩᠭᠤᠯ ᠤᠨ ︵ᠤᠯᠠᠨ ᠤᠯᠤᠰ ᠤᠨ︶ ᠬᠤᠤᠷ ᠴᠠᠭᠠᠵᠠᠯᠠᠬᠤ ᠭᠤᠤᠯ ᠰᠡᠳᠦᠪᠳᠦ | ᠱᠤᠭᠤᠮᠠᠯ ᠤᠨ ᠴᠡᠴᠡᠷᠯᠢᠭ ᠬᠦᠬᠡᠬᠤᠳᠠ ᠶᠢᠨ ᠬᠤᠷᠢᠨᠬᠡᠷ ᠰᠢᠶᠠᠨ ᠳᠤ ᠡᠭᠦᠳᠡ ᠪᠠᠨ ᠨᠡᠭᠡᠭᠡᠪᠡ᠃ | ᠤᠶᠢᠯᠠᠭᠠᠭᠰᠠᠨ ᠢᠶᠠᠷ᠂ ᠲᠤᠰ ᠴᠡᠴᠡᠷᠯᠢᠭ ᠢ ᠦᠪᠡᠷᠳᠡᠬᠡᠨ ᠵᠠᠰᠠᠬᠤ ᠤᠷᠤᠨ᠂ ᠬᠦᠬᠡᠬᠤᠳᠠ ᠬᠤᠶᠠᠷ | ᠱᠠᠳᠣᠨ ᠤ ᠬᠤᠤᠷ ᠴᠠᠭᠠᠵᠠᠯᠠᠬᠤ ᠵᠦᠪᠯᠡᠯ ᠤᠨ ᠵᠢᠯᠣᠭᠤᠳᠤᠯᠭ᠎ᠠ ᠪᠠᠷ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠪᠣᠰᠤᠭ᠎ᠠ ᠴᠤᠬᠴᠠᠳᠣ ᠲᠦᠷᠢ ᠪᠦᠳᠦᠬᠡᠬᠦ ᠰᠢᠨ᠎ᠡ ᠶᠢ ᠡᠬᠦᠳᠴᠦ ᠦᠢᠯᠡᠰ ᠪᠤᠰᠬᠠᠬᠤ | ᠦᠢᠯᠡᠳᠦᠯᠬᠡ ᠶᠢᠨ ᠬᠦᠮᠦᠵᠢᠯ ᠤᠨ ᠰᠠᠭᠤᠷᠢᠨ ᠵᠢᠷᠣᠨ ᠲᠦᠯᠦᠪᠯᠡᠵᠦ᠂ ᠬᠤᠷᠢᠨᠬᠡᠷ ᠰᠢᠶᠠᠨ ᠤ ᠵᠠᠰᠠᠬ ᠤᠨ ᠤᠷᠳᠤᠨ᠂ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠠᠵᠤ ᠠᠬᠤᠢᠢᠯᠠᠯ ᠬᠠᠮᠳᠣᠷᠠᠨ ᠪᠠᠶᠢᠭᠤᠯᠵᠠᠢ᠃ ᠲᠤᠰ | ᠴᠡᠴᠡᠷᠯᠢᠭ 160.26 ᠮᠦ ᠭᠠᠵᠠᠷ ᠡᠵᠡᠯᠡᠵᠦ᠂ 6 ᠭᠤᠤᠯ ᠰᠡᠳᠦᠪᠳᠦ ᠠᠭᠤᠳᠠᠮ ᠲᠠᠯᠠᠪᠠᠢ᠂ 26 ᠳᠤᠭᠤᠶᠢᠯᠠᠩ | ᠱᠤᠭᠤᠮᠠᠯ ᠢᠶᠠᠷ ᠪᠦᠷᠢᠯᠳᠦᠵᠦ᠂ ︽6︾᠂ ︽26︾ ᠨᠢ ︽6 ᠰᠠᠷ᠎ᠠ ᠶᠢᠨ 26 ᠤ ᠳᠡᠯᠡᠬᠡᠢ ᠶᠢᠨ ᠬᠤᠣᠷ | ᠴᠠᠭᠠᠵᠠᠯᠠᠬᠤ ᠡᠳᠦᠷ︾ ᠲᠠᠢ ᠬᠠᠷᠢᠯᠴᠠᠨ ᠲᠠᠭᠤ ᠠᠪᠤᠯᠴᠠᠵᠤ ᠪᠤᠢ᠃ 6 ᠠᠭᠤᠳᠠᠮ ᠲᠠᠯᠠᠪᠠᠢ ᠶᠢᠨ ᠭᠤᠤᠯ ᠰᠡᠳᠦᠪ ᠨᠢ | ᠲᠤᠰᠪᠤᠷᠢ ︽ᠬᠤᠤᠷ ᠴᠠᠭᠠᠵᠠᠯᠠᠬᠤ ᠡᠷᠡᠰ ᠵᠤᠷᠢᠬ ᠪᠤᠯᠤᠨ ᠴᠢᠬᠤᠯᠠ ᠴᠢᠨᠠᠷ︾᠂ ︽ᠬᠤᠤᠷᠳᠤ ᠡᠳ᠋ ᠤᠨ ᠲᠥᠷᠥᠯ | ᠵᠦᠢᠯ ᠪᠣᠯᠣᠨ ᠬᠤᠣᠷ ᠬᠥᠨᠥᠭᠡᠯ︾᠂ ︽ᠬᠤᠣᠷ ᠴᠠᠭᠠᠵᠠᠯᠠᠬᠤ ᠠᠵᠢᠯᠳᠠᠨ︾᠂ ︽ᠬᠤᠤᠷ ᠴᠠᠭᠠᠵᠠᠯᠠᠬᠰᠠᠨ ᠲᠤᠮᠤ | ᠬᠡᠷᠡᠭ ᠶᠠᠪᠤᠳᠠᠯ︾᠂ ︽ᠲᠡᠯᠡᠬᠡᠢ ᠶᠢᠨ ᠬᠤᠤᠷ ᠴᠠᠭᠠᠵᠠᠯᠠᠬᠤ ᠭᠤᠤᠯ ᠰᠡᠳᠦᠪᠳᠦ ᠱᠤᠭᠤᠮᠠᠯ︾᠂ ︽ᠡᠶ᠎ᠡ | ᠵᠤᠬᠢᠴᠠᠩᠭᠤᠢ ᠪᠤᠯᠤᠨ ᠠᠮᠢ ᠨᠠᠰᠤ︾ ᠵᠡᠷᠭᠡ ᠪᠣᠯᠣᠨ᠎ᠠ᠃ 26 ᠲᠤᠭᠤᠢᠢᠯᠠᠩ ᠱᠤᠭᠤᠮᠠᠯ ᠤᠨ ᠭᠤᠤᠯ ᠰᠡᠳᠦᠪ ᠨᠢ | ᠬᠠᠷᠢᠯᠴᠠᠨ ᠠᠳᠠᠯᠢ ᠦᠭᠡᠢ᠂ ᠬᠡᠯᠪᠡᠷᠢ ᠶᠠᠩᠵᠤ ᠨᠢ ᠤᠯᠠᠨ᠂ ᠠᠭᠤᠯᠭ᠎ᠠ ᠨᠢ ᠪᠠᠶᠠᠯᠢᠬ ᠪᠠᠶᠢᠵᠤ᠂ ᠲᠡᠮᠦᠷᠯᠢᠭ | ᠮᠠᠲ᠋ᠧᠷᠢᠶᠠᠯ ᠢᠶᠠᠷ ᠭᠠᠩᠨᠠᠨ ᠵᠠᠯᠭᠠᠵᠤ ᠪᠦᠳᠦᠭᠡᠭᠰᠡᠨ ᠱᠤᠭᠤᠮᠠᠯ ︽ᠬᠤᠤᠷ — ᠰᠡᠯᠡᠮ᠎ᠡ︾᠂ ᠪᠤᠷᠵᠢᠨ ᠴᠢᠯᠠᠭᠤᠨ | ᠱᠤᠭᠤᠮᠠᠯ ︽ᠯᠢᠨ ᠽᠧ ᠰᠢᠤᠢ ᠶᠢᠨ ᠬᠦᠷᠦᠭ︾᠂ ᠰᠢᠷᠡᠮᠦᠨ ᠤᠷ᠎ᠠ ᠲᠠᠷᠬ᠎ᠠ ᠶᠢᠨ ᠱᠤᠭᠤᠮᠠᠯ ︽ᠴᠤᠬᠢᠵᠤ | ᠬᠠᠭᠠᠯᠤᠬᠰᠠᠨ ᠨᠢ︾᠂ ᠵᠢᠪᠡᠷᠡᠬᠦ ᠦᠬᠡᠢ ᠪᠤᠯᠤᠳ ᠤᠨ ᠱᠤᠭᠤᠮᠠᠯ ︽ᠭᠠᠪᠠ ᠲᠦᠩᠬᠡ︾ ᠵᠡᠷᠬᠡ ᠨᠢ ᠬᠤᠤᠷ | ᠴᠠᠭᠠᠵᠠᠯᠠᠬᠤ ᠡᠷᠴᠢ ᠵᠤᠷᠢᠬ ᠢ ᠬᠦᠢᠴᠡᠳ ᠢᠯᠡᠷᠡᠬᠦᠯᠵᠡᠢ᠃ | ᠪᠦᠬᠦ ᠤᠯᠤᠰ ᠤᠨ ᠠᠩᠬᠠᠳᠠᠬᠴᠢ ᠲᠤᠮᠤ ᠬᠡᠯᠪᠡᠷᠢ ᠶᠢᠨ ᠬᠤᠣᠷ ᠴᠠᠭᠠᠵᠠᠯᠠᠬᠤ ᠭᠤᠤᠯ ᠰᠡᠳᠦᠪᠳᠦ | ᠱᠤᠭᠤᠮᠠᠯ ᠤᠨ ᠴᠡᠴᠡᠷᠯᠢᠭ ᠡᠭᠦᠳᠡ ᠪᠠᠨ ᠨᠡᠭᠡᠭᠡᠭᠰᠡᠨ ᠨᠢ᠂ ᠮᠠᠨ ᠤ ᠤᠷᠤᠨ ᠤ ᠪᠦᠬᠦ ᠠᠷᠠᠳ ᠤᠨ ᠬᠤᠤᠷ | ᠴᠠᠭᠠᠵᠠᠯᠠᠬᠤ ᠤᠬᠠᠭᠤᠯᠭ᠎ᠠ ᠬᠦᠮᠦᠵᠢᠯ ᠢ ᠭᠦᠨᠵᠡᠭᠡᠢ ᠥᠷᠨᠢᠭᠦᠯᠬᠦ ᠳᠤ ᠨᠡᠩ ᠶᠡᠭᠡ ᠲᠠᠪᠴᠠᠩ ᠪᠠᠶᠢᠭᠤᠯᠤᠨ ᠥᠭᠴᠡᠢ᠃ | ᠡᠨᠡ ᠨᠢ ᠪᠠᠰᠠ ᠴᠦ ᠨᠠᠮ ᠤᠨ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠬᠤᠤᠷ ᠴᠠᠭᠠᠵᠠᠯᠠᠬᠤ | ᠠᠵᠢᠯ ᠢ ᠴᠢᠩᠭᠠᠳᠬᠠᠬᠤ ᠰᠢᠷᠢᠰ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ ᠲᠤᠭᠤᠰᠢᠯᠠᠭᠤᠯᠤᠨ᠂ | ᠬᠤᠣᠷ ᠴᠠᠭᠠᠵᠠᠯᠠᠬᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠭᠰᠡᠨ ᠪᠤᠳᠠᠳᠠᠢ ᠠᠷᠭ᠎ᠠ ᠬᠡᠮᠵᠢᠶ᠎ᠡ | ᠪᠣᠯᠣᠨ᠎ᠠ᠂ ᠪᠦᠬᠦ ᠤᠷᠤᠨ ᠤ ᠡᠯ᠎ᠡ ᠦᠨᠳᠦᠰᠦᠳᠡᠨ ᠡᠯ᠎ᠡ ᠡᠳᠡᠬᠡᠳ ᠤᠨ ᠠᠷᠠᠳ ᠤᠯᠠᠨ ᠳᠤ ᠲᠠᠭᠤᠷᠢᠶᠠᠯ | ᠦᠵᠡᠬᠦᠯᠦᠨ ᠲᠡᠳᠡᠨ ᠢ ᠬᠦᠳᠦᠯᠦᠨ ᠲᠠᠭᠠᠭᠤᠯᠵᠤ ᠬᠤᠤᠷ ᠴᠠᠭᠠᠵᠠᠯᠠᠬᠤ ᠠᠵᠢᠯ ᠳᠤ ᠤᠷᠤᠯᠴᠠᠭᠤᠯᠵᠤ᠂ ᠮᠠᠨ ᠤ | ᠤᠷᠤᠨ ᠤ ᠲᠠᠯ᠎ᠠ ᠨᠤᠲᠤᠭ ᠤᠨ ᠬᠤᠣᠷ ᠴᠠᠭᠠᠵᠠᠯᠠᠬᠤ ᠠᠷᠠᠳ ᠤᠨ ᠳᠠᠶᠢᠨ ᠢ ᠭᠦᠨᠵᠡᠭᠡᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠬᠦ ᠨᠢ ᠲᠠᠮᠵᠢᠬ ᠦᠬᠡᠢ᠃ | | | | | | | | | | | | | | |