12 ᠳ᠋ᠤᠭᠠᠷ ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠦᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠣᠮᠢᠰᠰᠠᠷ ᠰᠦᠨ ᠪᠢᠩ ᠸᠧᠨ ᠰᠢᠨ᠎ᠡ ᠬᠤᠲᠠ | ᠲᠣᠭᠤᠷᠢᠭ ᠤᠨ ᠪᠤᠷᠤᠬᠤᠰᠢᠭᠤ ᠪᠠᠯᠭᠠᠰᠤᠨ ᠤ ᠵᠤᠸᠠᠩ ᠽᠢ ᠲᠣᠰᠬᠤᠨ ᠳᠤ ᠭᠦᠨᠵᠡᠭᠡᠶᠢᠷᠡᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠪᠠ᠃ | | | | | | ᠰᠦᠨ ᠪᠢᠩ ᠸᠧᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ | ᠪᠥᠬᠦᠳᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠴᠢᠬᠤᠯᠠ ᠶᠡᠭᠡ ᠠᠴᠢ ᠬᠤᠯᠪᠣᠭᠳᠠᠯ ᠢ ᠠᠮᠢᠳᠤᠯᠢᠭ ᠢᠶᠠᠷ᠂ ᠭᠦᠨᠵᠡᠭᠡᠶ ᠲᠣᠳᠣᠷᠬᠠᠶᠢᠯᠠᠨ ᠥᠭᠦᠯᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ | ᠢᠯᠡᠷᠬᠡᠶ ᠳᠠᠪᠠᠭᠤᠯᠢᠭ ᠢ ᠪᠦᠬᠦ ᠲᠠᠯ᠎ᠠ ᠪᠠᠷ ᠥᠭᠦᠯᠡᠵᠦ᠂ ᠪᠥᠬᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ | ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ ᠪᠣᠯᠤᠨ ᠭᠤᠤᠯᠳᠠᠯᠭ᠎ᠠ ᠲᠠᠢ ᠡᠭᠦᠷᠭᠡ ᠶᠢ ᠰᠢᠰᠲ᠋ᠧᠮ ᠲᠠᠢ ᠲᠠᠶᠢᠯᠤᠮᠵᠢ | ᠬᠢᠭᠰᠡᠨ ᠪᠥᠭᠡᠳ ᠳᠡᠷᠭᠡᠳᠡᠬᠢ ᠬᠥᠮᠦᠰ ᠤᠨ ᠳᠡᠷᠭᠡᠳᠡᠬᠢ ᠶᠠᠪᠤᠳᠠᠯ ᠤᠨ ᠲᠣᠭᠤᠷᠢᠨ ᠳᠤ ᠳᠤᠮᠳᠠᠳᠤ ᠤᠯᠤᠰ ᠤᠨ | ᠪᠠᠶᠢᠭᠤᠯᠤᠯ ᠤᠨ ᠦᠯᠢᠭᠡᠷ ᠢ ᠠᠭᠤᠵᠢᠷᠠᠲᠠᠯ᠎ᠠ ᠶᠠᠷᠢᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ | ᠲᠥᠷᠥᠭᠳᠡᠯ ᠢᠶᠠᠨ ᠬᠤᠪᠢᠶᠠᠯᠴᠠᠪᠠ᠃ | | | | | | | | | ᠤᠬᠠᠭᠤᠯᠤᠨ ᠲᠠᠶᠢᠯᠪᠤᠷᠢᠯᠠᠬᠤ ᠠᠬᠤᠶ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨᠲᠡᠶ ᠪᠠᠶᠢᠵᠤ᠂ | ᠰᠦᠨ ᠪᠢᠩ ᠸᠧᠨ ᠤᠨ ᠤᠬᠠᠭᠤᠯᠤᠨ ᠲᠠᠶᠢᠯᠪᠤᠷᠢᠯᠠᠭᠰᠠᠨ ᠨᠢ ᠭᠦᠨᠵᠡᠭᠡᠶ ᠠᠴᠠ ᠣᠢᠯᠠᠭᠠᠮᠵᠢᠲᠠᠢ ᠶᠠᠪᠤᠭᠳᠠᠵᠤ᠂ | ᠦᠨᠳᠦᠰᠦᠨ ᠱᠠᠲᠤᠨ ᠤ ᠣᠯᠠᠨ ᠲᠦᠮᠡᠨ ᠤ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ | ᠴᠢᠬᠤᠯᠠ ᠶᠡᠭᠡ ᠦᠵᠡᠯᠲᠡ ᠤᠨ ᠭᠦᠨᠵᠡᠭᠡᠶ ᠦᠭᠦᠯᠡᠯᠲᠡ ᠲᠠᠢ ᠪᠥᠭᠡᠳ ᠠᠮᠢᠳᠤᠯᠢᠭ ᠪᠣᠳᠠᠲᠠᠶ ᠵᠢᠱᠢᠶ᠎ᠡ ᠲᠠᠢ ᠪᠠᠶᠢᠵᠤ᠂ | ᠰᠡᠵᠢᠭ ᠢ ᠲᠠᠶᠢᠯᠵᠤ ᠲᠥᠭᠡᠷᠢᠭᠳᠡᠯ ᠠᠴᠠ ᠭᠠᠷᠭᠠᠬᠤ ᠳᠤᠮᠳᠠ ᠰᠡᠳᠬᠢᠯ ᠵᠢᠷᠦᠬᠡᠨ ᠳᠤ ᠬᠠᠳᠠᠩᠰᠢᠭᠤᠯᠵᠤ᠂ | ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ ᠲᠣᠰᠬᠤᠨ ᠤ ᠠᠷᠠᠳ ᠢ ᠴᠢᠩᠭ᠎ᠠ ᠴᠤᠤᠷᠢᠶᠠᠲᠤᠭᠤᠯᠵᠤ᠂ | ᠦᠷᠭᠦᠯᠵᠢ ᠬᠠᠯᠠᠭᠤᠨ ᠠᠯᠠᠭ᠎ᠠ ᠲᠠᠰᠢᠵᠤ ᠪᠠᠶᠢᠪᠠ᠃ ᠤᠬᠠᠭᠤᠯᠤᠨ ᠲᠠᠶᠢᠯᠪᠤᠷᠢᠯᠠᠬᠤ ᠠᠵᠢᠯ ᠳᠠᠭᠤᠰᠤᠭᠰᠠᠨ ᠤ | ᠳᠠᠷᠠᠭ᠎ᠠ᠂ ᠣᠯᠠᠨ ᠢᠶᠠᠷ ᠢᠶᠠᠨ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠰᠤᠷᠤᠯᠴᠠᠯᠭ᠎ᠠ ᠪᠠᠷ ᠳᠠᠮᠵᠢᠨ᠂ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠲᠠᠨᠢᠯᠲᠠ ᠤᠯᠠᠮ ᠨᠢᠭᠡ ᠠᠯᠬᠤᠮ ᠳᠡᠭᠡᠭᠰᠢᠯᠡᠵᠦ᠂ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷ᠂ ᠲᠣᠰᠬᠤᠨ ᠤ ᠠᠷᠠᠳ ᠤᠨ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠭᠠᠨ ᠡᠵᠡᠮᠰᠢᠬᠦ ᠳᠤ ᠰᠡᠳᠭᠢᠮᠵᠢ ᠪᠣᠯᠤᠨ ᠴᠢᠭᠯᠡᠯ ᠢ ᠲᠣᠳᠣᠷᠬᠠᠶ | ᠵᠢᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠰᠠᠶᠢᠲᠤᠷ ᠬᠥᠭᠵᠢᠭᠦᠯᠬᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠢᠲᠡᠭᠡᠯ ᠵᠣᠷᠢᠭ ᠢ ᠪᠠᠲᠤᠳᠬᠠᠵᠠᠶ ᠭᠡᠵᠦ ᠢᠯᠡᠳᠬᠡᠵᠡᠭᠡᠪᠡ᠃ | | | |