ᠵᠢᠭᠠᠬᠠᠨ ᠴᠢᠴᠠᠷᠭᠠᠨ᠎ᠠ ᠶᠢᠨ ᠵᠢᠮᠢᠰ ᠢᠶᠠᠷ ᠪᠠᠶᠠᠵᠢᠯ ᠤᠨ ᠵᠠᠮ ᠢ ᠳᠡᠪᠢᠰᠦᠨᠡᠮ
ᠨᠡᠶᠢᠲᠡᠯᠡᠭᠰᠡᠨ ᠴᠠᠭ᠄
2019-12-18
     ᠴᠢᠩ ᠱᠦᠢ ᠾᠧ ᠰᠢᠶᠠᠨ ᠬᠠᠲᠤᠨ ᠭᠤᠣᠯ ᠤᠨ ᠶᠡᠭᠡ ᠬᠠᠪᠴᠢᠯ ᠤᠨ ᠵᠡᠭᠦᠨ ᠡᠷᠭᠢ ᠳᠤ ᠣᠷᠣᠰᠢᠵᠤ᠂ ᠨᠢᠭᠡ ᠦᠶ᠎ᠡ ᠬᠥᠷᠥᠰᠥ ᠰᠢᠷᠣᠢ ᠶᠢᠨ ᠢᠳᠡᠭᠳᠡᠯ ᠬᠦᠨᠳᠦᠷᠡᠵᠦ᠂ ᠵᠢᠯ ᠪᠦᠷᠢ ᠬᠠᠲᠤᠨ ᠭᠤᠣᠯ ᠳᠤ ᠤᠷᠤᠰᠴᠤ ᠣᠷᠣᠬᠤ ᠰᠢᠪᠠᠷ ᠰᠢᠷᠣᠢ ᠳᠤᠮᠳᠠᠴᠢ ᠪᠠᠷ 2000 ᠲᠦᠮᠡᠨ ᠲᠣᠨ ᠬᠦᠷᠪᠡ᠃ ᠡᠭᠦᠨ ᠠᠴᠠ ᠪᠣᠯᠵᠤ ᠬᠥᠷᠥᠰᠥ ᠰᠢᠷᠤᠢ ᠶᠢ ᠬᠠᠳᠠᠭᠠᠯᠠᠨ ᠬᠠᠮᠠᠭᠠᠯᠠᠬᠤ ᠨᠢ ᠲᠤᠰ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠥᠭᠵᠢᠯᠲᠡ ᠶᠢᠨ ᠴᠢᠬᠤᠯᠠ ᠠᠴᠠ ᠴᠢᠬᠤᠯᠠ ᠵᠦᠢᠯ ᠪᠣᠯᠪᠠ᠃ ᠴᠢᠴᠠᠷᠭᠠᠨ᠎ᠠ ᠨᠢ ᠬᠦᠢᠲᠡᠨ ᠳᠤ ᠲᠡᠰᠪᠦᠷᠢᠲᠡᠢ᠂ ᠬᠠᠯᠠᠭᠤᠨ ᠳᠤ ᠲᠡᠰᠪᠦᠷᠢᠲᠡᠢ᠂ ᠰᠠᠯᠬᠢ ᠪᠠ ᠭᠠᠩ ᠬᠠᠭᠤᠷᠠᠢ ᠳᠤ ᠲᠡᠰᠪᠦᠷᠢᠲᠡᠢ ᠣᠨᠴᠠᠯᠢᠭ ᠲᠠᠢ ᠪᠠᠷ ᠪᠠᠷᠠᠬᠤ ᠦᠭᠡᠢ ᠬᠥᠷᠥᠰᠥ ᠰᠢᠷᠣᠢ ᠳᠤ ᠵᠣᠬᠢᠴᠠᠬᠤ ᠴᠢᠳᠠᠪᠤᠷᠢ ᠪᠠᠷ ᠮᠠᠰᠢ ᠰᠠᠶᠢᠨ ᠪᠠᠶᠢᠳᠠᠭ᠃ ᠴᠢᠴᠠᠷᠭᠠᠨ᠎ᠠ ᠪᠤᠲᠠᠯᠠᠨ ᠰᠠᠬᠤᠯᠢᠭ ᠤᠷᠭᠤᠵᠤ᠂ ᠦᠨᠳᠦᠰᠦ ᠶᠢᠨ ᠰᠢᠰᠲ᠋ᠧᠮ ᠨᠢ ᠶᠡᠭᠡ ᠬᠥᠭᠵᠢᠵᠦ᠂ 3 ᠵᠢᠯ ᠪᠣᠯᠣᠭᠰᠠᠨ ᠴᠢᠴᠠᠷᠭᠠᠨ᠎ᠠ ᠶᠢᠨ ᠦᠨᠳᠦᠰᠦ ᠨᠢ ᠭᠠᠳᠠᠭᠰᠢ 5-6 ᠮᠧᠲᠷ ᠤᠷᠲᠤ ᠤᠷᠭᠤᠵᠤ᠂ 10 ᠲᠡᠭᠰᠢ ᠳᠥᠷᠪᠡᠯᠵᠢᠨ ᠮᠧᠲᠷ ᠤᠨ ᠡᠯᠡᠰᠦ ᠮᠠᠩᠬ᠎ᠠ ᠶᠢ  ᠲᠣᠭᠲᠠᠪᠤᠷᠢᠵᠢᠭᠤᠯᠤᠨ ᠬᠥᠷᠥᠰᠥ ᠰᠢᠷᠣᠢ ᠶᠢ ᠬᠠᠮᠠᠭᠠᠯᠠᠵᠤ ᠴᠢᠳᠠᠳᠠᠭ᠃ ᠰᠤᠳᠤᠯᠤᠯᠲᠠ ᠪᠠᠷ ᠲᠣᠳᠣᠯᠠᠭᠰᠠᠨ ᠨᠢ᠂ ᠴᠢᠴᠠᠷᠭᠠᠨ᠎ᠠ ᠤᠷᠭᠤᠭᠰᠠᠨ ᠣᠷᠣᠨ ᠪᠦᠰᠡ ᠨᠢ ᠭᠠᠵᠠᠷ ᠤᠨ ᠭᠠᠳᠠᠷᠭᠤ ᠶᠢᠨ  ᠤᠰᠤ ᠬᠦᠷᠦᠰᠦᠨ ᠤ ᠤᠷᠤᠰᠬᠠᠭᠳᠠᠯ ᠢ 75% ᠪᠠᠷ ᠪᠠᠭᠠᠰᠬᠠᠵᠤ᠂ ᠰᠠᠯᠬᠢᠨ ᠳᠤ ᠢᠳᠡᠭᠳᠡᠬᠦ ᠶᠢ 85% ᠪᠠᠷ ᠪᠠᠭᠠᠰᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠨᠢ ᠳᠣᠪᠣᠷᠬᠠᠭ ᠣᠷᠣᠨ ᠤ ᠣᠯᠠᠨ ᠲᠦᠮᠡᠨ ᠤ ᠠᠮᠢᠳᠤᠷᠠᠯ ᠠᠬᠤᠢ ᠳᠤ ᠶᠠᠭᠤᠨ ᠠᠴᠠ ᠴᠦ ᠴᠢᠬᠤᠯᠠ ᠶᠤᠮ᠃ ᠡᠶᠢᠮᠦ ᠠᠴᠠ᠂ ᠴᠢᠩ ᠱᠦᠢ ᠾᠧ ᠰᠢᠶᠠᠨ ᠠᠷᠪᠠᠨ ᠬᠡᠳᠦᠨ ᠵᠢᠯ ᠤᠨ ᠡᠮᠦᠨ᠎ᠡ ᠠᠴᠠ ᠡᠬᠢᠯᠡᠨ ᠴᠢᠴᠠᠷᠭᠠᠨ᠎ᠠ ᠲᠠᠢ ᠬᠤᠪᠢ ᠢᠷᠦᠭᠡᠯ ᠲᠠᠢ ᠪᠣᠯᠣᠭᠰᠠᠨ ᠶᠤᠮ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号