ᠡᠪᠡᠳᠴᠢᠨ ᠢᠶᠠᠷ ᠵᠡᠮᠳᠡᠭᠷᠡᠭᠰᠡᠨ ᠨᠡᠮᠡᠭᠦᠷᠢ ᠮᠦᠩᠭᠦ ᠭᠤᠶᠤᠴᠢᠯᠠᠬᠤ ᠦᠢᠯᠡᠴᠢᠯᠡᠭᠡ ᠶᠢᠨ ᠵᠦᠭᠯᠡᠭᠦᠷ
ᠨᠡᠶᠢᠲᠡᠯᠡᠭᠰᠡᠨ ᠴᠠᠭ᠄
2019-12-18
     ᠨᠢᠭᠡ᠂ ᠤᠴᠢᠷ ᠶᠠᠪᠤᠳᠠᠯ ᠤᠨ ᠲᠤᠪᠴᠢ ᠲᠤᠭᠠᠴᠢᠯᠲᠠ      ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ  ᠤᠷᠤᠯᠴᠠᠭᠰᠠᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠢᠶᠠᠨ ᠨᠡᠶᠢᠲᠡ ᠪᠦᠬᠦᠯᠢ 15 ᠵᠢᠯ ᠲᠤᠰᠢᠶᠠᠵᠤ᠂ ᠬᠠᠤᠯᠢ  ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠡ ᠦᠭᠡᠢ  ᠦᠶ᠎ᠡ ᠳᠡᠭᠡᠨ ᠡᠪᠡᠳᠴᠢᠨ ᠠᠴᠠ ᠪᠤᠯᠤᠭᠰᠠᠨ ᠪᠤᠶᠤ ᠠᠵᠢᠯ ᠠᠴᠠ ᠪᠤᠰᠤ ᠰᠢᠯᠳᠠᠭᠠᠨ ᠢᠶᠠᠷ ᠵᠡᠮᠳᠡᠭᠷᠡᠵᠦ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠣᠯ ᠰᠠᠷ᠎ᠠ ᠪᠦᠷᠢ ᠡᠪᠡᠳᠴᠢᠨ ᠢᠶᠠᠷ ᠵᠡᠮᠳᠡᠭᠷᠡᠭᠰᠡᠨ ᠨᠡᠮᠡᠭᠦᠷᠢ ᠮᠦᠩᠭᠦ ᠠᠪᠴᠤ ᠪᠣᠯᠤᠨ᠎ᠠ᠃      ᠬᠤᠶᠠᠷ᠂ ᠦᠨᠳᠦᠰᠦᠨ ᠡᠯᠧᠮᠧᠨ᠋ᠲ      ︵ᠨᠢᠭᠡ︶ ᠤᠴᠢᠷ ᠶᠠᠪᠤᠳᠠᠯ ᠤᠨ ᠨᠡᠷᠡᠶᠢᠳᠦᠯ      ᠡᠪᠡᠳᠴᠢᠨ ᠢᠶᠠᠷ ᠵᠡᠮᠳᠡᠭᠷᠡᠭᠰᠡᠨ ᠨᠡᠮᠡᠭᠦᠷᠢ ᠮᠦᠩᠭᠦ ᠭᠤᠶᠤᠴᠢᠯᠠᠨ ᠠᠪᠬᠤ      ︵ᠬᠤᠶᠠᠷ︶ ᠬᠦᠢᠴᠡᠳᠭᠡᠬᠦ ᠮᠠᠲ᠋ᠧᠷᠢᠶᠠᠯ      1. ᠠᠵᠤ ᠠᠬᠤᠶᠢᠯᠠᠯ ᠤᠨ ᠠᠵᠢᠯᠲᠠᠨ ︽ᠠᠵᠤ ᠠᠬᠤᠶᠢᠯᠠᠯ ᠤᠨ ᠠᠵᠢᠯᠲᠠᠨ ᠡᠪᠡᠳᠴᠢᠨ ᠠᠴᠠ ᠪᠤᠯᠵᠤ  ᠠᠵᠢᠯ ᠠᠴᠠ ᠪᠠᠨ ᠠᠮᠠᠷᠠᠭᠰᠠᠨ ︵ᠠᠵᠢᠯ ᠠᠴᠠ ᠪᠠᠨ ᠪᠠᠭᠤᠭᠰᠠᠨ︶ ᠵᠢᠴᠢ ᠤᠨᠴᠠᠭᠠᠢ ᠲᠦᠷᠦᠯ ᠤᠨ ᠠᠵᠢᠯ ᠠᠴᠠ ᠠᠮᠠᠷᠠᠭᠰᠠᠨ ᠢᠶᠠᠷ ᠬᠢᠨᠠᠨ ᠵᠦᠪᠰᠢᠶᠡᠷᠡᠭᠦᠯᠦᠭᠰᠡᠨ ᠨᠡᠷᠡᠰ ᠤᠨ ᠲᠡᠮᠳᠡᠭᠯᠡᠯ︾ ᠢᠶᠠᠨ ᠠᠪᠴᠢᠷᠠᠨ᠎ᠠ᠃      2. ᠠᠮᠢᠳᠤᠯᠢᠭ ᠢᠶᠠᠷ ᠠᠵᠢᠯ ᠤᠯᠤᠭᠰᠠᠳ᠂ ᠠᠵᠢᠯ ᠠᠯᠳᠠᠭᠰᠠᠳ᠂ ᠠᠵᠢᠯᠯᠠᠬᠤ ᠨᠠᠰᠤ ᠶᠢ ᠨᠢ ᠬᠤᠳᠠᠯᠳᠤᠨ ᠠᠪᠤᠭᠰᠠᠨ ᠬᠦᠮᠦᠰ ᠪᠡᠶ᠎ᠡ ᠶᠢᠨ ᠦᠨᠡᠮᠯᠡᠯ ᠢᠶᠠᠨ ᠠᠪᠴᠢᠷᠠᠨ᠎ᠠ᠃      3.ᠠᠵᠢᠯᠲᠠᠨ ᠤ ᠲᠤᠰ ᠬᠦᠮᠦᠨ ᠤ ᠬᠦᠮᠦᠨ ᠤ ᠶᠠᠪᠤᠳᠠᠯ ᠤᠨ ᠳᠠᠩᠰᠠ ᠡᠪᠬᠡᠮᠡᠯ ︵ᠠᠵᠤ ᠠᠬᠤᠶᠢᠯᠠᠯ ᠤᠨ ᠡᠮᠡᠭᠳᠡᠢ ᠠᠵᠢᠯᠲᠠᠨ ᠬᠦᠳᠡᠯᠮᠦᠷᠢ ᠶᠢᠨ ᠭᠡᠷ᠎ᠡ ᠪᠠᠨ ᠠᠪᠴᠢᠷᠠᠨ᠎ᠠ︶      4.ᠡᠪᠡᠳᠴᠢᠨ ᠠᠴᠠ ᠪᠤᠯᠵᠤ ᠤᠷᠢᠳᠴᠢᠯᠠᠨ ᠠᠮᠠᠷᠠᠬᠤ᠂ ᠡᠪᠡᠳᠴᠢᠨ ᠢᠶᠠᠷ ᠵᠡᠮᠳᠡᠭᠷᠡᠭᠰᠡᠨ ᠨᠡᠮᠡᠭᠦᠷᠢ ᠮᠦᠩᠭᠦ ᠠᠪᠬᠤ ᠬᠢᠨᠠᠨ ᠵᠦᠪᠰᠢᠶᠡᠷᠡᠯᠲᠡ ᠶᠢ ᠭᠤᠶᠤᠴᠢᠯᠠᠬᠤ ᠳᠤ ᠬᠦᠳᠡᠯᠮᠦᠷᠢᠯᠡᠬᠦ ᠴᠢᠳᠠᠪᠤᠷᠢ ᠶᠢ ᠰᠢᠯᠭᠠᠨ ᠲᠤᠭᠲᠠᠭᠠᠬᠤ ᠵᠦᠪᠯᠡᠯ ᠠᠴᠠ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠢᠶᠠᠷ ᠰᠢᠯᠭᠠᠨ ᠲᠤᠭᠲᠠᠭᠠᠭᠰᠠᠨ ᠤ ᠲᠠᠷᠠᠭ᠎ᠠ ᠭᠠᠷᠭᠠᠵᠤ ᠦᠭᠭᠦᠭᠰᠡᠨ ︽ᠬᠦᠬᠡᠬᠤᠲᠠ ᠶᠢᠨ ᠬᠦᠳᠡᠯᠮᠦᠷᠢᠯᠡᠬᠦ ᠴᠢᠳᠠᠪᠤᠷᠢ ᠶᠢ ᠰᠢᠯᠭᠠᠨ ᠲᠤᠭᠲᠠᠭᠠᠭᠰᠠᠨ ᠬᠢᠨᠠᠨ ᠵᠦᠪᠰᠢᠶᠡᠷᠡᠯᠲᠡ ᠶᠢᠨ ᠬᠦᠰᠦᠨᠦᠭᠲᠦ︾ ᠪᠠᠨ ᠬᠠᠩᠭᠠᠨ᠎ᠠ᠃      5. ᠤᠨᠴᠠᠭᠠᠢ ᠲᠦᠷᠦᠯ ᠤᠨ ᠠᠵᠢᠯ  ᠠᠴᠠ ᠤᠷᠢᠳᠴᠢᠯᠠᠨ ᠠᠮᠠᠷᠠᠬᠤ ᠬᠢᠨᠠᠨ ᠵᠦᠪᠰᠢᠶᠡᠷᠡᠯᠲᠡ ᠶᠢ ᠭᠤᠶᠤᠴᠢᠯᠠᠬᠤ ᠳᠤ ᠬᠤᠲᠠ ᠶᠢᠨ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠪᠠᠳᠤᠯᠠᠭᠰᠠᠨ ᠤ ᠲᠠᠷᠠᠭ᠎ᠠ ᠭᠠᠷᠭᠠᠵᠤ ᠦᠭᠭᠦᠭᠰᠡᠨ ︽ᠤᠨᠴᠠᠭᠠᠢ ᠲᠦᠷᠦᠯ ᠤᠨ ᠠᠵᠢᠯ ᠢᠶᠠᠷ ᠪᠠᠳᠤᠯᠠᠭᠰᠠᠨ ᠬᠢᠨᠠᠨ ᠵᠦᠪᠰᠢᠶᠡᠷᠡᠯᠲᠡ ᠶᠢᠨ  ᠬᠦᠰᠦᠨᠦᠭᠲᠦ︾ ᠪᠠᠨ ᠬᠠᠩᠭᠠᠨ᠎ᠠ᠃      ︵ᠭᠤᠷᠪᠠ︶  ᠬᠦᠢᠴᠡᠳᠭᠡᠬᠦ ᠠᠷᠭ᠎ᠠ ᠬᠡᠯᠪᠡᠷᠢ      ᠲᠤᠬᠠᠢ ᠶᠢᠨ ᠲᠠᠯᠠᠪᠤᠷ ᠲᠤ  ᠭᠦᠢᠴᠡᠳᠭᠡᠨ᠎ᠡ      ︵ᠲᠦᠷᠪᠡ︶ ᠬᠦᠢᠴᠡᠳᠭᠡᠬᠦ ᠴᠠᠭ ᠤᠨ ᠬᠢᠵᠠᠭᠠᠷᠯᠠᠯ      ᠬᠦᠯᠢᠶᠡᠨ ᠠᠪᠤᠭᠰᠠᠨ ᠡᠳᠦᠷ ᠠᠴᠠ ᠡᠬᠢᠯᠡᠵᠦ 30 ᠠᠵᠢᠯᠯᠠᠬᠤ ᠡᠳᠦᠷ ᠤᠨ ᠲᠤᠳᠤᠷ᠎ᠠ      ︵ᠲᠠᠪᠤ︶ ᠦᠷ᠎ᠡ ᠳ᠋ᠦᠩ ᠤᠨ ᠬᠦᠷᠭᠡᠯᠲᠡ      ᠰᠦᠯᠵᠢᠶᠡᠨ ᠲᠡᠭᠡᠷ᠎ᠡ ᠨᠡᠶᠢᠲᠡᠯᠡᠨ᠎ᠡ      ︵ᠵᠢᠷᠭᠤᠭ᠎ᠠ︶ ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ      ᠰᠦᠢᠳᠭᠡᠯ ᠬᠤᠷᠢᠶᠠᠬᠤ ᠦᠭᠡᠢ      ︵ᠲᠤᠯᠤᠭ᠎ᠠ︶ ᠬᠦᠢᠴᠡᠳᠭᠡᠬᠦ ᠴᠠᠭ      ᠠᠵᠢᠯᠯᠠᠬᠤ ᠡᠳᠦᠷ      ︵ᠨᠠᠢᠮᠠ︶  ᠬᠦᠢᠴᠡᠳᠭᠡᠬᠦ  ᠪᠠᠶᠢᠭᠤᠯᠤᠮᠵᠢ ᠵᠢᠴᠢ ᠭᠠᠵᠠᠷ      ᠬᠦᠬᠡᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠯᠠᠭ᠎ᠠ      ᠬᠦᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ ᠨᠠᠢ ᠯᠦᠨ ᠭᠦᠸᠧ ᠵᠢᠢ ᠤᠯᠠᠨ ᠤᠯᠤᠰ B ᠪᠠᠶᠢᠷᠢ ᠶᠢᠨ ᠲᠦᠷᠪᠡᠳᠦᠭᠡᠷ ᠲᠠᠪᠬᠤᠷᠭ᠎ᠠ ᠶᠢᠨ ᠠᠵᠢᠯ ᠠᠴᠠ ᠠᠮᠠᠷᠠᠬᠤ ᠶᠢ ᠬᠦᠯᠢᠶᠡᠨ ᠭᠦᠢᠴᠡᠳᠭᠡᠬᠦ ᠭᠡᠷ      ︵ᠶᠢᠰᠦ︶  ᠠᠰᠠᠭᠤᠨ ᠯᠠᠪᠯᠠᠬᠤ ᠠᠷᠭ᠎ᠠ      ᠬᠦᠬᠡᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠯᠠᠭ᠎ᠠ      ᠤᠳᠠᠰᠤ᠄ 5181219      ︵ᠠᠷᠪᠠ︶ ᠬᠢᠨᠠᠯᠳᠠ ᠲᠠᠯᠪᠢᠬᠤ ᠵᠠᠭᠠᠯᠳᠤᠬᠤ ᠠᠷᠭ᠎ᠠ      ᠬᠢᠨᠠᠯᠲᠠ  ᠲᠠᠯᠪᠢᠬᠤ ᠤᠳᠠᠰᠤ᠄ 5181231      ᠭᠤᠷᠪᠠ᠂ ᠬᠦᠢᠴᠡᠳᠭᠡᠬᠦ ᠲᠠᠷᠠᠭᠠᠯᠠᠯ ᠤᠨ ᠵᠢᠷᠤᠭ ᠢ ᠳᠠᠭᠠᠯᠳᠤᠭᠤᠯᠤᠯ ᠠᠴᠠ ᠦᠵᠡᠭᠡᠷᠡᠢ      ᠲᠠᠭᠠᠯᠳᠤᠭᠤᠯᠤᠯ᠄ ᠡᠪᠡᠳᠴᠢᠨ ᠢᠶᠠᠷ ᠵᠡᠮᠳᠡᠭᠷᠡᠭᠰᠡᠨ ᠨᠡᠮᠡᠭᠦᠷᠢ ᠮᠦᠩᠭᠦ ᠭᠤᠶᠤᠴᠢᠯᠠᠬᠤ ᠦᠢᠯᠡᠴᠢᠯᠡᠭᠡ ᠶᠢᠨ ᠵᠦᠭᠯᠡᠭᠦᠷ                                  ᠲᠤᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠪᠠᠶᠢᠭᠤᠯᠤᠮᠵᠢ᠄ ᠬᠦᠬᠡᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号